ᠬᠥᠬᠡᠬᠤᠲᠠ ᠵᠠᠰᠠᠭ ᠲᠠᠷᠬᠠᠭᠠᠭᠰᠠᠨ ︹ 2022 ︺26 ᠳ᠋ᠤᠭᠠᠷ ᠲᠣᠭᠠᠲᠤ | | ᠡᠯᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯᠡ | ᠵᠥᠪᠯᠡᠯ᠂ ᠠᠯᠪᠠᠨ ᠬᠡᠷ᠂ ᠲᠣᠪᠴᠢᠶᠠ᠂ ᠡᠯᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭᠠ ᠶᠢᠨ ᠠᠵᠢᠯ ᠣᠯᠵᠤ ᠦᠢᠯᠡᠰ | ᠪᠣᠰᠬᠠᠬᠤ ᠶᠢ ᠳᠡᠮᠵᠢᠬᠦ 10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠠᠷᠭᠠ ︵ᠲᠤᠷᠰᠢᠨ ᠬᠡᠷᠡᠭᠵᠢᠭᠦᠯᠬᠦ︶︾ | ︽ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡ ᠶᠢ ᠡᠭᠦᠳᠬᠦ ᠬᠦᠷᠢᠶᠡ ᠴᠠᠷᠠᠭᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ︵ | ᠲᠤᠷᠰᠢᠨ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯᠠ᠂ ᠪᠣᠳᠠᠲᠠᠶ ᠲᠠᠢ ᠪᠠᠨ | ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2022 ᠣᠨ ᠤ 5 ᠰᠠᠷᠠ ᠶᠢᠨ 23 ᠤ ᠡᠳᠦᠷ | | | | ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭᠠ ᠶᠢᠨ ᠠᠵᠢᠯ ᠣᠯᠵᠤ ᠦᠢᠯᠡᠰ ᠪᠣᠰᠬᠠᠬᠤ ᠶᠢ | ᠳᠡᠮᠵᠢᠬᠦ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ ᠠᠷᠭᠠ ︵ᠲᠤᠷᠰᠢᠨ ᠬᠡᠷᠡᠭᠵᠢᠭᠦᠯᠬᠦ︶ | | | ᠨᠢᠭᠡᠳᠦᠭᠡᠷ ᠵᠦᠢᠯ ᠴᠢᠳᠠᠪᠤᠷᠢᠲᠠᠨ ᠢ ᠬᠦᠨᠳᠦᠳᠬᠡᠬᠦ᠂ ᠴᠢᠳᠠᠪᠤᠷᠢᠲᠠᠨ ᠳᠤ ᠦᠢᠯᠡᠴᠢᠯᠡᠬᠦ᠂ ᠴᠢᠳᠠᠪᠤᠷᠢᠲᠠᠨ ᠢ | ᠦᠯᠡᠳᠡᠭᠡᠬᠦ ᠨᠡᠶᠢᠭᠡᠮ ᠤᠨ ᠠᠭᠤᠷ ᠠᠮᠢᠰᠬᠤᠯ ᠢ ᠶᠡᠬᠡᠪᠡᠷ ᠪᠣᠶ ᠪᠣᠯᠭᠠᠵᠤ᠂ ᠨᠠᠩ ᠣᠯᠠᠨ ᠳᠡᠭᠡᠳᠦ ᠰᠤᠷᠭᠠᠭᠤᠯᠢ | ᠲᠡᠭᠦᠰᠦᠭᠰᠡᠨ ᠣᠶᠤᠲᠠᠳ ᠵᠡᠷᠭᠡ ᠴᠢᠳᠠᠪᠤᠷᠢᠲᠠᠨ ᠢ ᠲᠠᠲᠠᠵᠤ ᠬᠥᠬᠡᠬᠤᠲᠠ ᠳᠤ ᠠᠵᠢᠯ ᠣᠯᠭᠤᠵᠤ ᠠᠳᠠᠯ ᠦᠢᠯᠡᠰ | ᠴᠣᠭᠴᠠᠯᠠᠭᠤᠯᠵᠤ᠂ ᠲᠡᠳᠡᠨ ᠳᠤ ᠪᠥᠬᠦ ᠲᠠᠯᠠ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ︽ᠬᠥᠬᠡᠬᠤᠲᠠ ᠶᠢᠨ | ᠴᠢᠳᠠᠪᠤᠷᠢᠲᠠᠨ ᠢ ᠲᠠᠲᠠᠬᠤ 10 ᠵᠦᠢᠯ ᠤᠨ ᠲᠥᠷᠥ ᠶᠢᠨ ᠪᠣᠳᠣᠯᠭᠠ ︵ᠲᠤᠷᠰᠢᠨ ᠬᠡᠷᠡᠭᠵᠢᠭᠦᠯᠬᠦ︶︾ ︵ | ᠬᠥᠬᠡᠬᠤᠲᠠ ᠨᠠᠮ ᠲᠠᠷᠬᠠᠭᠠᠭᠰᠠᠨ︹ 2021 ︺13 ᠳ᠋ᠤᠭᠠᠷ ᠲᠣᠭᠠᠲᠤ︶ ᠢ ᠦᠨᠳᠦᠰᠦᠯᠡᠨ᠂ ᠲᠣᠰ ᠠᠷᠭᠠ ᠶᠢ | ᠲᠣᠭᠲᠠᠭᠠᠪᠠ᠃ | ᠬᠤᠶᠠᠳᠤᠭᠠᠷ ᠵᠦᠢᠯ ᠭᠡᠷ ᠲᠦᠷᠢᠶᠡᠰᠦᠯᠡᠬᠦ ᠨᠥᠬᠦᠪᠥᠷᠢ᠃ ᠬᠤᠲᠠ ᠶᠢᠨ ᠬᠡᠪᠴᠢᠶᠡᠨ ᠳᠣᠲᠣᠷᠠᠬᠢ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠤᠭᠰᠠᠨ ᠪᠤᠶᠤ ᠪᠡᠶᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠵᠤ ᠲᠡᠭᠦᠰᠦᠭᠡᠳ ᠬᠤᠶᠠᠷ ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭᠠ ᠶᠢᠨ ᠨᠠᠮᠲᠠᠷ ᠲᠠᠢ | ᠲᠡᠭᠦᠰᠦᠭᠰᠡᠳ ᠲᠤ ᠬᠡᠷ ᠲᠦᠷᠢᠶᠡᠰᠦᠯᠡᠬᠦ ᠨᠥᠬᠦᠪᠥᠷᠢ ᠣᠯᠭᠤᠵᠤ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ | ᠠᠩᠭᠢ ᠶᠢᠨ ᠰᠣᠷᠣᠭᠴᠢ ᠳᠤ ᠲᠣᠰ ᠲᠣᠰ ᠰᠠᠷᠠ ᠪᠠᠷ 1000 ᠲᠥᠭᠦᠷᠢᠭ᠂ 800 ᠲᠥᠭᠦᠷᠢᠭ᠂ 500 | ᠲᠥᠭᠦᠷᠢᠭ ᠤᠨ ᠨᠥᠬᠦᠪᠥᠷᠢ ᠣᠯᠭᠤᠨᠠ ︵ᠨᠥᠬᠦᠪᠥᠷᠢ ᠥᠭᠬᠦ ᠬᠤᠭᠤᠴᠠᠭᠠ ᠶᠢ 24 ᠰᠠᠷᠠ ᠠᠴᠠ ᠬᠡᠲᠦᠷᠡᠭᠦᠯᠬᠦ | ᠥᠬᠡᠶ︶᠃ | ᠭᠤᠷᠪᠠᠳᠤᠭᠠᠷ ᠵᠦᠢᠯ ᠪᠠᠲᠤᠯᠠᠭᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠨᠥᠬᠦᠪᠥᠷᠢ᠃ | ᠪᠠᠲᠤᠯᠠᠭᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠨ ᠰᠠᠭᠤᠵᠤ ᠪᠠᠶᠢᠭᠠ ᠮᠥᠷᠲᠡᠭᠡᠨ | ᠴᠢᠳᠠᠪᠤᠷᠢᠲᠠᠨ ᠢ ᠮᠠᠭᠠᠳᠯᠠᠨ ᠲᠤᠭᠲᠠᠭᠠᠬᠤ ᠨᠥᠬᠦᠴᠡᠯ ᠳᠤ ᠨᠡᠶᠢᠴᠡᠬᠦ ᠬᠥᠮᠦᠰ ᠲᠦᠷᠢᠶᠡᠰᠦᠨ ᠮᠥᠩᠭᠦ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭᠠ ᠶᠢ ᠬᠦᠷᠲᠡᠵᠦ ᠪᠣᠯᠤᠨᠠ᠂ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ | ᠠᠩᠭᠢ ᠶᠢᠨ ᠰᠣᠷᠣᠭᠴᠢ ᠳᠤ ᠲᠣᠰ ᠲᠣᠰ 100%᠂ 50%᠂ 30% ᠶᠢᠨ ᠲᠦᠷᠢᠶᠡᠰᠦᠨ ᠮᠥᠩᠭᠦ ᠶᠢ ᠬᠠᠰᠤᠵᠤ | ᠭᠡᠯᠳᠦᠷᠢᠭᠦᠯᠦᠨᠡ ︵ᠨᠥᠬᠦᠪᠥᠷᠢ ᠥᠭᠬᠦ ᠬᠤᠭᠤᠴᠠᠭᠠ ᠬᠢᠵᠠᠭᠠᠷ ᠢ 60 ᠰᠠᠷᠠ ᠠᠴᠠ ᠬᠡᠲᠦᠷᠡᠭᠦᠯᠬᠦ ᠥᠬᠡᠶ︶᠃ | ᠳᠥᠷᠪᠡᠳᠦᠭᠡᠷ ᠵᠦᠢᠯ ᠭᠡᠷ ᠪᠠᠶᠢᠰᠢᠩ ᠬᠤᠳᠠᠯᠳᠤᠨ ᠠᠪᠬᠤ ᠨᠥᠬᠦᠪᠥᠷᠢ᠃ ᠬᠤᠲᠠ ᠶᠢᠨ ᠬᠡᠪᠴᠢᠶᠡᠨ | ᠳᠣᠲᠣᠷᠠᠬᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠠᠵᠢᠯ ᠣᠯᠤᠭᠰᠠᠨ ᠪᠤᠶᠤ ᠪᠡᠶᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠭᠰᠠᠨ᠂ ᠲᠡᠭᠦᠰᠦᠭᠰᠡᠨ 5 ᠵᠢᠯ ᠤᠨ ᠳᠣᠲᠣᠷᠠ ᠠᠩᠬᠠ ᠤᠳᠠᠭᠠ ᠬᠤᠲᠠ ᠶᠢᠨ | ᠬᠡᠪᠴᠢᠶᠡᠨ ᠳᠣᠲᠣᠷᠠ ᠬᠡᠷ ᠪᠠᠶᠢᠰᠢᠩ ᠬᠤᠳᠠᠯᠳᠤᠨ ᠠᠪᠤᠭᠰᠠᠨ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭᠠ ᠶᠢᠨ ᠨᠠᠮᠲᠠᠷ ᠲᠠᠢ | ᠲᠡᠭᠦᠰᠦᠭᠰᠡᠳ ᠲᠤ ᠬᠡᠷ ᠪᠠᠶᠢᠰᠢᠩ ᠬᠤᠳᠠᠯᠳᠤᠨ ᠠᠪᠤᠭᠰᠠᠨ ᠨᠥᠬᠦᠪᠥᠷᠢ ᠣᠯᠭᠤᠵᠤ᠂ ᠳ᠋ᠣᠺᠲ᠋ᠣᠷᠠᠨᠲ᠂ ᠠᠰᠫᠢᠷᠠᠨᠲ᠂ | ᠵᠢᠩᠬᠢᠨᠢ ᠠᠩᠭᠢ ᠶᠢᠨ ᠰᠣᠷᠣᠭᠴᠢ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 | ᠲᠦᠮᠡᠨ ᠲᠥᠭᠦᠷᠢᠭ ᠤᠨ ᠨᠥᠬᠦᠪᠥᠷᠢ ᠣᠯᠭᠤᠨᠠ᠃ | ᠲᠠᠪᠤᠳᠤᠭᠠᠷ ᠵᠦᠢᠯ ᠬᠤᠶᠠᠳᠤᠭᠠᠷ ᠵᠦᠢᠯ ᠬᠢᠭᠡᠳ ᠭᠤᠷᠪᠠᠳᠤᠭᠠᠷ ᠵᠦᠢᠯ ᠳᠤ ᠬᠠᠮᠲᠤ ᠳᠤᠨᠢ ᠨᠡᠶᠢᠴᠡᠬᠦ | ᠭᠤᠶᠤᠴᠢᠯᠠᠭᠴᠢ ᠨᠢ ᠥᠨᠳᠥᠷ ᠪᠠᠷᠢᠮᠵᠢᠶᠠ ᠪᠠᠷ ᠬᠦᠷᠲᠡᠭᠡᠬᠦ ᠵᠠᠷᠴᠢᠮ ᠤᠨ ᠶᠣᠰᠣᠭᠠᠷ ᠨᠢᠭᠡ ᠵᠦᠢᠯ ᠤᠨ ᠭᠡᠷ | ᠲᠦᠷᠢᠶᠡᠰᠦᠯᠡᠬᠦ ᠨᠥᠬᠦᠪᠥᠷᠢ ᠶᠢ ᠬᠦᠷᠳᠡᠨᠡ᠃ 2 ᠬᠥᠮᠦᠨ ᠵᠢᠴᠢ ᠲᠡᠭᠦᠨ ᠠᠴᠠ ᠣᠯᠠᠨ ᠬᠥᠮᠦᠨ ᠠᠳᠠᠯᠢ ᠨᠢᠭᠡ | ᠢᠵᠢ ᠭᠡᠷ ᠪᠠᠶᠢᠰᠢᠩ ᠬᠤᠳᠠᠯᠳᠤᠨ ᠠᠪᠤᠭᠰᠠᠨ ᠪᠠᠶᠢᠪᠠᠯ᠂ ᠵᠥᠪᠬᠡᠨ 1 ᠬᠥᠮᠦᠨ ᠨᠢ ᠭᠡᠷ ᠪᠠᠶᠢᠰᠢᠩ ᠬᠤᠳᠠᠯᠳᠤᠨ | ᠠᠪᠤᠭᠰᠠᠨ ᠨᠥᠬᠦᠪᠥᠷᠢ ᠬᠦᠷᠲᠡᠵᠦ ᠪᠣᠯᠤᠨᠠ ︵ᠡᠷᠡ ᠡᠮᠡ ᠬᠤᠶᠠᠷ ᠲᠠᠯᠠ ᠪᠠᠷ ᠢᠶᠠᠨ ᠨᠥᠬᠦᠴᠡᠯ ᠳᠤ ᠵᠡᠷᠭᠡ ᠪᠠᠷ | ᠨᠡᠶᠢᠴᠡᠭᠰᠡᠨ ᠪᠠᠶᠢᠪᠠᠯ ᠡᠭᠦᠨ ᠳᠤ ᠪᠠᠭᠲᠠᠬᠤ ᠦᠭᠡᠢ︶᠃ | ᠵᠢᠷᠭᠤᠳᠤᠭᠠᠷ ᠵᠦᠢᠯ ᠬᠤᠲᠠ ᠶᠢᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠦᠷᠦᠭᠦᠯᠡᠵᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭᠠ ᠶᠢᠨ ᠲᠣᠪᠴᠢᠶᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶᠠ ᠵᠡᠷᠭᠡ ᠰᠠᠯᠠᠭᠠ ᠮᠥᠴᠢᠷ ᠢ ᠨᠢᠭᠡᠳᠦᠯᠲᠡᠶ ᠵᠣᠬᠢᠶᠠᠨ ᠪᠠᠶᠢᠭᠤᠯᠵᠤ ᠬᠠᠮᠲᠤᠷᠠᠨ ᠬᠢᠨᠠᠨ | ᠬᠠᠷᠭᠤᠭᠤᠯᠵᠤ ᠮᠠᠭᠠᠳᠯᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠭᠤᠶᠤᠴᠢᠯᠠᠭᠴᠢ ᠶᠢᠨ ᠬᠡᠷ ᠲᠦᠷᠢᠶᠡᠰᠦᠯᠡᠬᠦ | ᠪᠠ ᠬᠤᠳᠠᠯᠳᠤᠨ ᠠᠪᠬᠤ ᠨᠥᠬᠦᠪᠥᠷᠢ ᠭᠤᠶᠤᠴᠢᠯᠠᠨ ᠠᠪᠬᠤ ᠬᠢᠷᠢ ᠬᠡᠮ ᠢ ᠮᠠᠭᠠᠳᠯᠠᠨ ᠲᠣᠭᠲᠠᠭᠠᠵᠤ᠂ ᠨᠥᠬᠦᠴᠡᠯ ᠳᠤ | ᠨᠡᠶᠢᠴᠡᠬᠦ ᠶᠢ ᠨᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠ ᠠᠴᠠ ᠬᠠᠷᠢᠭᠤᠴᠠᠨ ᠣᠯᠭᠤᠵᠤ᠂ ᠨᠢᠭᠡ ᠰᠠᠷᠠ ᠶᠢᠨ ᠳᠣᠲᠣᠷᠠ ᠪᠣᠳᠠᠲᠠᠶᠢᠵᠢᠭᠤᠯᠤᠨᠠ᠃ | ᠳᠣᠯᠣᠳᠤᠭᠠᠷ ᠵᠦᠢᠯ ᠪᠥᠬᠦ ᠬᠤᠲᠠ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮᠡ ᠶᠢᠨ | ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨᠡ ᠮᠠᠲ᠋ᠧᠷᠢᠶᠠᠯ | ᠪᠠ ᠣᠲᠣ ᠦᠶᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠡᠯᠧᠺᠲᠷᠣᠨ | ᠮᠡᠳᠡᠭᠡ ᠵᠠᠩᠭᠢ ᠶᠢᠨ ᠮᠡᠷᠭᠡᠵᠢᠯ ᠵᠡᠷᠭᠡ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠠᠵᠤ | ᠠᠬᠤᠶᠢᠯᠠᠯ ᠤᠨ ᠰᠢᠨᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠳᠤ᠂ ᠠᠵᠤ ᠠᠬᠤᠶᠢᠯᠠᠯ ᠯᠤᠭᠠ 5 | ᠵᠢᠯ ᠠᠴᠠ ᠳᠡᠭᠡᠭᠰᠢ ᠬᠥᠳᠡᠯᠮᠦᠷᠢ ᠶᠢᠨ ᠭᠡᠷᠡ ᠲᠣᠭᠲᠠᠭᠰᠠᠨ ᠪᠠᠶᠢᠪᠠᠯ᠂ 1 ᠵᠢᠯ ᠠᠵᠢᠯᠯᠠᠭᠰᠠᠨ ᠤ ᠳᠠᠷᠠᠭᠠ | ᠳ᠋ᠣᠺᠲ᠋ᠣᠷᠠᠨᠲ ᠲᠤ 5 ᠲᠦᠮᠡᠨ ᠲᠥᠭᠦᠷᠢᠭ᠂ ᠠᠰᠫᠢᠷᠠᠨᠲ ᠲᠤ 2 ᠲᠦᠮᠡᠨ ᠲᠥᠭᠦᠷᠢᠭ ᠤᠨ ᠨᠢᠭᠡ ᠤᠳᠠᠭᠠ ᠶᠢᠨ | ᠴᠢᠨᠠᠷᠲᠠᠶ ᠴᠢᠳᠠᠪᠤᠷᠢᠲᠠᠨ ᠤ ᠱᠠᠩᠨᠠᠯ ᠣᠯᠭᠤᠨᠠ᠃365cc彩票老版_365比分足球官网_365bet网上娱乐平台 | ᠨᠠᠢᠮᠠᠳᠤᠭᠠᠷ ᠵᠦᠢᠯ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠃ ᠳᠡᠭᠡᠳᠦ ᠰᠤᠷᠭᠠᠭᠤᠯᠢ | ᠲᠡᠭᠦᠰᠦᠭᠰᠡᠳ ᠤᠨ ᠬᠥᠬᠡᠬᠤᠲᠠ ᠳᠤ ᠠᠳᠠᠯ ᠦᠢᠯᠡᠰ ᠴᠣᠭᠴᠠᠯᠠᠬᠤ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠳᠠᠯ | ᠦᠢᠯᠡᠰ ᠴᠣᠭᠴᠠᠯᠠᠬᠤ ᠴᠢᠳᠠᠪᠤᠷᠢᠲᠠᠨ ᠨᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠠᠳᠠᠯ | ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ᠂ 10 ᠲᠦᠮᠡᠨ ᠲᠥᠭᠦᠷᠢᠭ ᠵᠢᠴᠢ ᠲᠡᠭᠦᠨ ᠠᠴᠠ | ᠳᠣᠷᠣᠭᠰᠢ ᠪᠣᠯ ᠭᠡᠳᠡᠷᠭᠦ ᠳᠠᠭᠠᠭᠠᠯᠲᠠ ᠬᠢᠬᠦ ᠶᠢ ᠭᠡᠯᠳᠦᠷᠢᠭᠦᠯᠦᠨᠡ︔ ᠵᠢᠵᠢᠭ ᠪᠢᠴᠢᠯ ᠠᠵᠤ ᠠᠬᠤᠶᠢᠯᠠᠯ ᠨᠢ | ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠭᠤᠶᠤᠴᠢᠯᠠᠵᠤ ᠪᠣᠯᠤᠨᠠ᠂ ᠬᠥᠭᠵᠢᠯᠲᠡ ᠶᠢᠨ ᠬᠡᠲᠦ ᠶᠢᠨ ᠲᠥᠯᠥᠪ ᠢᠶᠠᠷ ᠰᠠᠶᠢᠨ᠂ ᠠᠵᠢᠯ ᠣᠯᠭᠤᠯᠲᠠ ᠶᠢ | ᠳᠠᠶᠢᠴᠢᠯᠠᠭᠰᠠᠨ ᠬᠥᠮᠦᠨ ᠤ ᠲᠤᠭᠠ ᠪᠠᠷ ᠨᠡᠯᠢᠶᠡᠳ ᠣᠯᠠᠨ ᠪᠠᠶᠢᠪᠠᠯ᠂ ᠮᠠᠭᠠᠳᠯᠠᠨ ᠲᠤᠭᠲᠠᠭᠠᠭᠬᠤ ᠪᠠᠷ ᠳᠡᠮᠵᠢᠨ | ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠤᠨᠠ | ᠃ | ᠶᠢᠰᠦᠳᠦᠭᠡᠷ ᠵᠦᠢᠯ ᠲᠡᠭᠦᠰᠦᠭᠡᠳ 5 ᠵᠢᠯ ᠤᠨ ᠳᠣᠲᠣᠷᠠᠬᠢ ᠪᠦᠬᠦᠯᠢ ᠡᠳᠦᠷ ᠤᠨ ᠳᠦᠷᠢᠮᠲᠦ ᠡᠩ ᠤᠨ | ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭᠠ ᠶᠢᠨ ᠨᠠᠮᠲᠠᠷ ᠲᠠᠢ | ᠲᠡᠭᠦᠰᠦᠭᠰᠡᠳ ᠰᠢᠨᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢᠨ ᠬᠠᠮᠲᠤ ᠵᠣᠬᠢᠬᠤ | ᠨᠡᠶᠢᠭᠡᠮ ᠤᠨ ᠪᠠ ᠠᠵᠤ ᠠᠬᠤᠶ ᠶᠢᠨ ᠦᠷᠡ ᠠᠰᠢᠭ ᠭᠠᠷᠭᠠᠭᠰᠠᠨ ᠪᠣᠯ᠂ ᠬᠢᠨᠠᠨ ᠰᠢᠯᠭᠠᠷᠠᠭᠤᠯᠬᠤ ᠪᠠᠷ ᠳᠡᠮᠵᠢᠨ | ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠣᠯᠭᠤᠨᠠ᠃ | ᠠᠷᠪᠠᠳᠤᠭᠠᠷ ᠵᠦᠢᠯ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠣᠰ ᠬᠤᠭᠤᠴᠠᠭᠠᠨ ᠤ ᠵᠢᠴᠢ | ᠲᠡᠭᠦᠰᠦᠭᠡᠳ 2 ᠵᠢᠯ ᠤᠨ ᠳᠣᠲᠣᠷᠠ ᠠᠵᠢᠯ ᠣᠯᠤᠭᠠᠳᠤᠶ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠳᠡᠭᠡᠳᠦ | ᠰᠤᠷᠭᠠᠭᠤᠯᠢ ᠲᠡᠭᠦᠰᠦᠭᠰᠡᠳ ᠢ ᠤᠷᠢᠨ ᠬᠡᠷᠡᠭᠯᠡᠬᠦ ᠶᠢ ᠳᠡᠮᠵᠢᠵᠦ᠂ ᠬᠠᠤᠯᠢ ᠶᠣᠰᠣᠭᠠᠷ 1 ᠵᠢᠯ ᠠᠴᠠ ᠳᠡᠭᠡᠭᠰᠢ | ᠬᠥᠳᠡᠯᠮᠦᠷᠢ ᠶᠢᠨ ᠭᠡᠷᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠢ ᠲᠤᠰᠢᠶᠠᠭᠰᠠᠨ ᠪᠠᠶᠢᠪᠠᠯ᠂ ᠠᠵᠤ | ᠠᠬᠤᠶᠢᠯᠠᠯ ᠰᠢᠨᠡ ᠪᠠᠷ ᠤᠷᠢᠨ ᠬᠡᠷᠡᠭᠯᠡᠭᠰᠡᠨ ᠬᠥᠮᠦᠨ ᠪᠦᠷᠢ ᠳᠤ 2000 ᠲᠥᠭᠦᠷᠢᠭ ᠤᠨ ᠲᠤᠭᠠ ᠪᠠᠷ ᠱᠠᠩᠨᠠᠯ | ᠣᠯᠭᠤᠨᠠ᠃ | ᠠᠷᠪᠠᠨ ᠨᠢᠭᠡᠳᠦᠭᠡᠷ ᠵᠦᠢᠯ ᠬᠤᠲᠠ ᠶᠢᠨ ᠨᠠᠮ ᠤᠨ ᠬᠤᠷᠢᠶᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠨᠢ ︽ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠲᠥᠷᠥᠯ | ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ ᠤᠨ ᠶᠣᠰᠣᠭᠠᠷ ᠳᠡᠭᠡᠳᠦ ᠲᠠᠰ | ᠳᠠᠪᠬᠤᠷᠭᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ | ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ | ᠬᠠᠷᠠᠭᠠᠯᠵᠠᠭᠰᠠᠨ ᠦᠢᠯᠡᠴᠢᠯᠡᠭᠡ ᠪᠠ ᠣᠯᠭᠤᠮᠵᠢ ᠶᠢ ᠭᠥᠷᠳᠡᠵᠦ ᠪᠣᠯᠤᠨᠠ᠃ | ᠠᠷᠪᠠᠨ ᠬᠤᠶᠠᠳᠤᠭᠠᠷ ᠵᠦᠢᠯ ᠲᠤᠬᠠᠶ ᠶᠢᠨ ᠵᠢᠯ ᠳᠤ ᠬᠠᠲᠠᠨ ᠴᠢᠨᠠᠷ ᠢᠶᠠᠷ ᠣᠷᠣᠭᠤᠯᠤᠨ ᠠᠪᠴᠢᠷᠠᠭᠰᠠᠨ | ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠤ ᠬᠠᠨᠢ ᠨᠦᠬᠦᠷ ᠲᠤ ᠠᠵᠢᠯ ᠣᠯᠭᠤᠬᠤ ᠳᠤ᠂ ︽ᠠᠵᠢᠯ ᠲᠠᠢ ᠪᠣᠯ | ᠤᠷᠢᠳᠠᠪᠠᠷ ᠠᠵᠢᠯ ᠲᠥᠷᠥᠯ ᠤᠨ ᠰᠢᠰᠲ᠋ᠧᠮ ᠢᠶᠠᠷ ᠳᠣᠭᠢᠷᠠᠭᠤᠯᠵᠤ᠂ ᠪᠡᠶᠡ ᠪᠠᠨ ᠳᠠᠭᠠᠭᠠᠵᠤ ᠠᠳᠠᠯ ᠦᠢᠯᠡᠰ | ᠴᠣᠭᠴᠠᠯᠠᠵᠤ ᠪᠠᠶᠢᠭᠠ ᠪᠣᠯ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠵᠤ᠂ ᠠᠵᠢᠯ ᠣᠯᠤᠭᠠᠳᠤᠶ ᠪᠠᠶᠢᠪᠠᠯ | ᠠᠮᠢᠳᠤᠷᠠᠯ ᠤᠨ ᠨᠥᠬᠦᠪᠥᠷᠢ ᠣᠯᠭᠤᠬᠤ︾ ᠵᠠᠷᠴᠢᠮ ᠶᠣᠰᠣᠭᠠᠷ᠂ ᠬᠠᠨᠢ ᠨᠦᠬᠦᠷ ᠤᠨ ᠬᠢᠨᠢ ᠤᠤᠯ ᠤᠨ ᠠᠵᠢᠯ | ᠣᠯᠤᠭᠰᠠᠨ ᠪᠠᠶᠢᠳᠠᠯ᠂ ᠬᠤᠪᠢ ᠬᠥᠮᠦᠨ ᠤ ᠪᠡᠶᠡ ᠶᠢᠨ ᠭᠠᠷᠤᠯ᠂ ᠲᠤᠰᠢᠶᠠᠯ ᠡᠭᠦᠷᠭᠡᠯᠡᠬᠦ ᠴᠢᠳᠠᠪᠤᠷᠢ ᠵᠡᠷᠭᠡ ᠪᠣᠳᠠᠲᠤ | ᠪᠠᠶᠢᠳᠠᠯ ᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠠᠰ ᠳᠠᠪᠬᠤᠷᠭᠠ ᠬᠤᠪᠢᠶᠠᠨ | ᠳᠣᠭᠢᠷᠠᠭᠤᠯᠤᠨ ᠰᠢᠢᠳᠪᠦᠷᠢᠯᠡᠨᠡ᠃ ᠬᠠᠨᠢ ᠨᠦᠬᠦᠷ ᠨᠢ ᠬᠤᠲᠠ ᠶᠢᠨ ᠬᠡᠪᠴᠢᠶᠡᠨ ᠠᠴᠠ ᠭᠠᠳᠠᠨᠠᠬᠢ ᠵᠠᠰᠠᠭ ᠵᠠᠬᠢᠷᠭᠠ | ᠠᠵᠢᠯ ᠦᠢᠯᠡᠰ ᠤᠨ ᠨᠢᠭᠡᠴᠡ ᠶᠢᠨ ᠣᠷᠣᠨ ᠲᠤᠭᠠ ᠶᠢᠨ ᠠᠵᠢᠯ ᠤᠨ ᠪᠠᠶᠢᠷᠢᠨ ᠳᠤ ᠪᠠᠶᠢᠭᠠ ᠪᠣᠯ ᠳᠡᠰ | ᠳᠠᠷᠠᠭᠠᠯᠠᠯ ᠤᠨ ᠶᠣᠰᠣᠭᠠᠷ ᠠᠵᠢᠯ ᠲᠥᠷᠥᠯ ᠤᠨ ᠰᠢᠰᠲ᠋ᠧᠮ ᠢᠶᠠᠷ ᠮᠠᠨ ᠤ ᠬᠤᠲᠠ ᠳᠤ ᠰᠢᠯᠵᠢᠨ ᠢᠷᠡᠵᠦ ᠠᠵᠢᠯᠯᠠᠵᠤ | ᠪᠣᠯᠤᠨᠠ᠃ | ᠠᠷᠪᠠᠨ ᠭᠤᠷᠪᠠᠳᠤᠭᠠᠷ ᠵᠦᠢᠯ ᠲᠤᠬᠠᠶ ᠶᠢᠨ ᠵᠢᠯ ᠳᠤ ᠬᠠᠲᠠᠨ ᠴᠢᠨᠠᠷ ᠢᠶᠠᠷ ᠣᠷᠣᠭᠤᠯᠤᠨ ᠠᠪᠴᠢᠷᠠᠭᠰᠠᠨ | ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠤ ᠦᠷᠡ ᠬᠡᠤᠬᠡᠳ ᠰᠤᠷᠭᠠᠭᠤᠯᠢ ᠳᠤ ᠣᠷᠣᠬᠤ ᠳᠤ᠂ ᠠᠯᠪᠠᠨ ᠠᠴᠠ | ᠡᠷᠭᠢᠯᠡᠭᠰᠡᠨ ᠰᠤᠷᠭᠠᠭᠤᠯᠢ ︵ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠤᠶᠤ ᠲᠦᠭᠡᠮᠡᠯ ᠬᠠᠷᠠᠭᠠᠯᠵᠠᠯ ᠤᠨ | ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ︶ ᠶᠢ ᠨᠢᠭᠡ ᠤᠳᠠᠭᠠ ᠰᠣᠩᠭᠤᠬᠤ ᠲᠣᠬᠢᠶᠠᠯ ᠲᠠᠢ᠃ | ᠬᠡᠤᠬᠡᠳ ᠤᠨ ᠴᠡᠴᠡᠷᠯᠢᠭ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠣᠨ ᠤ ᠰᠤᠷᠭᠠᠭᠤᠯᠢ ᠳᠤ | ᠰᠤᠷᠤᠯᠴᠠᠬᠤ ᠪᠠᠷ ᠭᠤᠶᠤᠴᠢᠯᠠᠭᠰᠠᠨ ᠪᠠᠶᠢᠪᠠᠯ᠂ ᠡᠯᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭᠠ ᠮᠥᠴᠢᠷ ︽ᠬᠠᠷᠢᠴᠠᠩᠭᠤᠶ ᠪᠠᠷ ᠣᠶᠢᠷᠠ ᠬᠠᠪᠢ ᠳᠠᠭᠠᠨ ᠰᠤᠷᠭᠠᠭᠤᠯᠢ ᠳᠤ ᠣᠷᠣᠬᠤ︾ | ᠵᠠᠷᠴᠢᠮ ᠶᠣᠰᠣᠭᠠᠷ᠂ ᠦᠷᠡ ᠬᠡᠤᠬᠡᠳ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ | ᠡᠷᠦᠬᠡ ᠠᠮᠠ ᠶᠢᠨ ᠲᠠᠩᠰᠠ ᠪᠤᠶᠤ ᠰᠠᠭᠤᠭᠠ ᠭᠠᠵᠠᠷ ᠲᠤᠨᠢ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢ | ᠰᠣᠩᠭᠤᠵᠤ ᠰᠤᠷᠭᠠᠭᠤᠯᠢ ᠳᠤ ᠣᠷᠣᠭᠤᠯᠬᠤ ᠪᠤᠶᠤ ᠬᠠᠷᠢᠴᠠᠩᠭᠤᠶ ᠪᠠᠷ ᠣᠶᠢᠷᠠ ᠬᠠᠪᠢ ᠳᠠᠭᠠᠨ ᠰᠤᠷᠭᠠᠭᠤᠯᠢ ᠳᠤ | ᠣᠷᠣᠭᠤᠯᠬᠤ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨᠠ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠬᠤ ᠪᠠᠷ ᠭᠤᠶᠤᠴᠢᠯᠠᠭᠰᠠᠳ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠬᠢᠷᠢ ᠪᠦᠲᠦᠮᠵᠢ ᠪᠠᠨ ᠦᠨᠳᠦᠰᠦᠯᠡᠨ ᠥᠨᠳᠥᠷ | ᠵᠡᠷᠭᠡ ᠶᠢᠨ ᠱᠠᠲᠤᠨ ᠤ ᠰᠤᠷᠭᠠᠭᠤᠯᠢ ᠢᠶᠠᠨ ᠰᠣᠩᠭᠤᠨᠠ᠃ | ᠰᠤᠷᠭᠠᠭᠤᠯᠢ ︵ᠴᠡᠴᠡᠷᠯᠢᠭ︶ ᠰᠢᠯᠵᠢᠬᠦ ᠪᠠᠷ ᠭᠤᠶᠤᠴᠢᠯᠠᠪᠠᠯ᠂ ᠬᠤᠲᠠ ᠰᠢᠶᠠᠨ ᠬᠤᠶᠠᠷ ᠱᠠᠲᠤᠨ ᠤ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭᠠ ᠮᠥᠴᠢᠷ ᠠᠴᠠ ᠲᠡᠭᠦᠨ ᠤ ᠰᠤᠷᠭᠠᠭᠤᠯᠢ ᠳᠤ ᠣᠷᠣᠬᠤ ᠰᠠᠨᠠᠮᠵᠢ ᠵᠢᠴᠢ | ᠬᠤᠭᠤᠰᠣᠨ ᠣᠷᠣᠨ ᠲᠤᠭᠠ ᠶᠢᠨ ᠪᠠᠶᠢᠳᠠᠯ ᠢ ᠦᠨᠳᠦᠰᠦᠯᠡᠨ᠂ ᠬᠠᠮᠢᠶᠠ ᠪᠥᠬᠦᠶ ᠰᠤᠷᠭᠠᠭᠤᠯᠢ᠂ ᠬᠡᠤᠬᠡᠳ ᠤᠨ | ᠴᠡᠴᠡᠷᠯᠢᠭ ᠢ ᠵᠣᠬᠢᠴᠠᠭᠤᠯᠤᠨ ᠳᠣᠭᠢᠷᠠᠭᠤᠯᠵᠤ ᠰᠤᠷᠭᠠᠭᠤᠯᠢ ︵ᠴᠡᠴᠡᠷᠯᠢᠭ︶ ᠰᠢᠯᠵᠢᠬᠦ ᠭᠠᠷᠳᠠᠮ ᠢ ᠤᠷᠢᠳᠠᠪᠠᠷ | ᠭᠦᠢᠴᠡᠳᠬᠡᠨᠡ᠃ | ᠪᠤᠰᠤᠳ ᠣᠨᠴᠠᠭᠠᠶ ᠳᠤᠲᠠᠭᠳᠠᠵᠤ ᠪᠠᠶᠢᠭᠠ ᠳᠡᠭᠡᠳᠦ ᠳᠡᠰ ᠤᠨ ᠴᠢᠳᠠᠪᠤᠷᠢᠲᠠᠨ ᠤ ᠦᠷᠡ ᠬᠡᠦᠬᠡᠳ ᠤᠨ | ᠰᠤᠷᠭᠠᠭᠤᠯᠢ ᠳᠤ ᠣᠷᠣᠬᠤ ᠠᠰᠠᠭᠤᠳᠠᠯ ᠢ ᠬᠤᠲᠠ ᠰᠢᠶᠠᠨ ᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ︽ᠨᠢᠭᠡ ᠬᠡᠷᠡᠭ ᠢ ᠨᠢᠭᠡ | ᠵᠥᠪᠯᠡᠬᠦ︾ ᠬᠡᠯᠪᠡᠷᠢ ᠪᠠᠷ ᠰᠢᠢᠳᠪᠦᠷᠢᠯᠡᠨᠡ᠃ | ᠠᠷᠪᠠᠨ ᠳᠥᠷᠪᠡᠳᠦᠭᠡᠷ ᠵᠦᠢᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠶᠢᠨ | ᠶᠠᠮᠤᠨ᠂ ᠪᠥᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠠᠴᠠ ᠫᠤᠰᠲ ᠳ᠋ᠣᠺᠲ᠋ᠣᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡ ᠶᠢ ᠰᠢᠨᠡ ᠪᠠᠷ ᠪᠠᠶᠢᠭᠤᠯᠬᠤ ᠶᠢ ᠵᠥᠪᠰᠢᠶᠡᠷᠡᠭᠰᠡᠨ | ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ᠪᠥᠬᠦ ᠤᠯᠤᠰ ᠤᠨ | ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠬᠡᠷ ᠲᠤ ᠳᠠᠩᠰᠠᠯᠠᠭᠤᠯᠤᠭᠰᠠᠨ ᠪᠥᠭᠡᠳ | ᠥᠷᠲᠡᠭᠡᠨ ᠳᠤ ᠪᠠᠶᠢᠬᠤ ᠬᠤᠭᠤᠴᠠᠭᠠᠨ ᠳᠠᠭᠠᠨ ᠬᠤᠲᠠ ᠶᠢᠨ ᠲᠠᠰ ᠠᠴᠠ ᠳᠡᠭᠡᠭᠰᠢᠬᠢ ᠭᠤᠤᠯᠳᠠᠯᠭᠠ ᠲᠠᠢ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠡᠭᠦᠷᠭᠡ ᠶᠢ ᠡᠭᠦᠷᠭᠡᠯᠡᠵᠦ ᠪᠠᠶᠢᠭᠠ | ᠥᠷᠲᠡᠭᠡᠨ ᠳᠤ ᠪᠠᠶᠢᠭᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠳ ᠲᠤ ᠥᠷᠲᠡᠭᠡᠨ ᠳᠤ ᠪᠠᠶᠢᠭᠠ ᠪᠣᠳᠠᠲᠠᠶ | ᠠᠵᠢᠯᠯᠠᠬᠤ ᠴᠠᠭ ᠢᠶᠠᠷ ᠨᠢ ᠬᠥᠮᠦᠨ ᠪᠦᠷᠢ ᠳᠤ ᠰᠠᠷᠠ ᠪᠦᠷᠢ 3000 ᠲᠥᠭᠦᠷᠢᠭ ᠤᠨ ᠨᠥᠬᠦᠪᠥᠷᠢ ᠣᠯᠭᠤᠨᠠ ︵ | ᠨᠥᠬᠦᠪᠥᠷᠢ ᠥᠭᠬᠦ ᠬᠤᠭᠤᠴᠠᠭᠠ ᠨᠢ 24 ᠰᠠᠷᠠ ᠠᠴᠠ ᠬᠡᠲᠦᠷᠡᠬᠦ ᠥᠬᠡᠶ︶᠃ | ᠠᠷᠪᠠᠨ ᠲᠠᠪᠤᠳᠤᠭᠠᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭᠠ ᠶᠢᠨ ᠲᠣᠪᠴᠢᠶᠠ ᠠᠴᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯ ᠤᠨ ᠥᠷᠲᠡᠭᠡ ᠶᠢᠨ ᠥᠷᠲᠡᠭᠡ | ᠪᠠᠶᠢᠭᠤᠯᠬᠤ ᠳᠤ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠪᠠ ᠫᠤᠰᠲ ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ | ᠥᠷᠲᠡᠭᠡᠨ ᠳᠤ ᠣᠷᠣᠬᠤ ᠳᠠᠩᠰᠠᠯᠠᠯ ᠤᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠥᠷᠲᠡᠭᠡᠨ ᠳᠤ ᠪᠠᠶᠢᠭᠠ ᠫᠤᠰᠲ | ᠳ᠋ᠣᠺᠲ᠋ᠣᠷ ᠤᠨ ᠰᠤᠳᠤᠯᠭᠠᠨ ᠤ ᠠᠵᠢᠯᠲᠠᠨ ᠤ ᠡᠭᠦᠷᠭᠡᠯᠡᠵᠦ ᠪᠥᠬᠦᠶ ᠬᠤᠲᠠ ᠶᠢᠨ ᠲᠠᠰ ᠠᠴᠠ ᠳᠡᠭᠡᠭᠰᠢᠬᠢ | ᠭᠤᠤᠯᠳᠠᠯᠭᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠬᠤᠲᠠ ᠶᠢᠨ ᠨᠠᠮ ᠤᠨ ᠬᠤᠷᠢᠶᠠ ᠶᠢᠨ | ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭᠠ ᠶᠢᠨ ᠲᠣᠪᠴᠢᠶᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ ᠵᠡᠷᠭᠡ ᠬᠠᠮᠢᠶᠠ ᠪᠥᠬᠦᠶ | ᠰᠠᠯᠠᠭᠠ ᠮᠥᠴᠢᠷ ᠠᠴᠠ ᠬᠠᠮᠲᠤᠷᠠᠭᠰᠠᠨ ᠬᠤᠷᠠᠯ ᠬᠤᠷᠠᠯᠳᠤᠭᠤᠯᠵᠤ ᠬᠢᠨᠠᠨ ᠬᠠᠷᠭᠤᠭᠤᠯᠵᠤ᠂ ᠬᠢᠨᠠᠨ | ᠬᠠᠷᠭᠤᠭᠤᠯᠤᠭᠰᠠᠨ ᠦᠷᠡ ᠳ᠋ᠦᠩ ᠢ ᠦᠨᠳᠦᠰᠦᠯᠡᠨ ᠱᠠᠩᠨᠠᠨ ᠬᠥᠬᠢᠭᠦᠯᠬᠦ ᠲᠥᠷᠥ ᠶᠢᠨ ᠪᠣᠳᠣᠯᠭᠠ ᠶᠢ | ᠨᠠᠶᠢᠳᠠᠪᠤᠷᠢᠵᠢᠭᠤᠯᠤᠨᠠ᠃ | ᠠᠷᠪᠠᠨ ᠵᠢᠷᠭᠤᠳᠤᠭᠠᠷ ᠵᠦᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠳᠡᠭᠡᠳᠦ ᠲᠠᠰ ᠳᠠᠪᠬᠤᠷᠭᠠ ᠶᠢᠨ | ᠴᠢᠳᠠᠪᠤᠷᠢᠲᠠᠨ ᠤ ᠦᠢᠯᠡᠴᠢᠯᠡᠭᠡᠨ ᠤ ᠵᠦᠢᠯᠡᠰ ᠢ ᠭᠦᠢᠴᠡᠳᠬᠡᠭᠰᠡᠨ ᠪᠠᠶᠢᠳᠠᠯ᠂ ᠦᠢᠯᠡᠴᠢᠯᠡᠭᠡᠨ ᠤ ᠠᠮᠠᠯᠠᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠶᠡᠷᠦᠩᠬᠡᠶᠢᠯᠡᠭᠰᠡᠨ ᠰᠢᠯᠭᠠᠨ ᠬᠢᠨᠠᠵᠤ ᠦᠨᠡᠯᠡᠬᠦ ᠲᠦᠷᠢᠮ ᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭᠠ ᠲᠠᠢ ᠪᠠᠷ ᠳᠣᠭᠢᠷᠠᠭᠤᠯᠬᠤ᠂ ᠬᠥᠳᠡᠯᠦᠩᠭᠦᠶ ᠪᠠᠷ ᠮᠥᠷᠳᠡᠬᠦ᠂ | ᠬᠤᠭᠤᠴᠠᠭᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ᠂ | ᠲᠣᠭᠲᠠᠭᠠᠯ ᠪᠠ ᠠᠮᠠᠯᠠᠯᠲᠠ ᠶᠢᠨ ᠴᠠᠭ ᠬᠤᠭᠤᠴᠠᠭᠠ ᠶᠢ ᠴᠢᠩᠭᠠ ᠵᠢᠷᠤᠮᠯᠠᠨ ᠭᠦᠢᠴᠡᠳᠬᠡᠵᠦ ᠳᠠᠭᠤᠰᠬᠠᠬᠤ ᠬᠡᠷᠡᠭᠲᠡᠶ | ᠃ | ᠠᠷᠪᠠᠨ ᠳᠣᠯᠣᠳᠤᠭᠠᠷ ᠵᠦᠢᠯ ᠭᠤᠶᠤᠴᠢᠯᠠᠭᠴᠢ ᠠᠴᠠ ᠬᠤᠪᠢ ᠬᠥᠮᠦᠨ ᠤ ᠮᠡᠳᠡᠭᠡ ᠵᠠᠩᠭᠢ ᠵᠢᠴᠢ ᠬᠡᠷᠡᠭᠯᠡᠬᠦ | ᠵᠦᠢᠯ ᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠬᠠᠩᠭᠠᠬᠤ ᠬᠡᠷᠡᠭᠲᠡᠶ᠂ ᠬᠡᠷᠪᠡ ᠮᠡᠳᠡᠭᠡ ᠵᠠᠩᠭᠢ ᠪᠠᠨ | ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠥᠬᠡᠶ ᠨᠢᠭᠤᠭᠰᠠᠨ ᠪᠠᠶᠢᠪᠠᠯ᠂ ᠨᠢᠭᠡᠨᠲᠡ ᠠᠪᠣᠭᠰᠠᠨ ᠨᠥᠬᠦᠪᠥᠷᠢ ᠶᠢᠨ ᠪᠠᠯᠠ | ᠮᠥᠩᠭᠦ ᠶᠢ ᠨᠡᠬᠡᠮᠵᠢᠯᠡᠨ ᠠᠪᠴᠢᠷᠠᠬᠤ ᠶᠢᠨ ᠬᠠᠮᠲᠤ᠂ ᠬᠠᠤᠯᠢ ᠶᠣᠰᠣᠭᠠᠷ ᠬᠤᠪᠢ ᠬᠥᠮᠦᠨ ᠤ ᠢᠲᠡᠭᠡᠮᠵᠢ ᠶᠢᠨ ᠮᠡᠳᠡᠭᠡ | ᠵᠠᠩᠭᠢ ᠶᠢᠨ ᠰᠢᠰᠲ᠋ᠧᠮ ᠳᠤ ᠣᠷᠣᠭᠤᠯᠣᠨᠠ᠃ ᠭᠤᠶᠤᠴᠢᠯᠠᠭᠴᠢ ᠨᠢ ᠠᠵᠢᠯ᠂ ᠨᠡᠶᠢᠭᠡᠮ ᠤᠨ ᠪᠠᠲᠤᠯᠠᠭᠠ᠂ ᠬᠡᠷ | ᠬᠥᠷᠥᠩᠭᠡ ᠵᠡᠷᠭᠡ ᠪᠠᠶᠢᠳᠠᠯ ᠳᠤ ᠬᠤᠪᠢᠷᠠᠯᠲᠠ ᠭᠠᠷᠤᠭᠰᠠᠨ ᠠᠴᠠ ᠪᠣᠯᠵᠣ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ | ᠥᠬᠡᠶ ᠪᠣᠯᠤᠭᠰᠠᠨ ᠪᠠᠶᠢᠪᠠᠯ᠂ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷᠠ | ᠰᠠᠨᠠᠭᠠᠴᠢᠯᠠᠭᠠ ᠠᠴᠠ ᠪᠠᠨ ᠬᠠᠮᠢᠶᠠ ᠪᠥᠬᠦᠶ ᠰᠠᠯᠠᠭᠠ ᠮᠥᠴᠢᠷ ᠲᠤ ᠮᠡᠳᠡᠭᠦᠯᠬᠦ ᠬᠡᠷᠡᠭᠲᠡᠶ᠃ ᠲᠣᠭᠲᠠᠭᠠᠯ ᠶᠣᠰᠣᠭᠠᠷ | ᠮᠡᠳᠡᠭᠦᠯᠦᠭᠰᠡᠨ ᠦᠭᠡᠢ ᠬᠥᠮᠦᠨ ᠢ ᠪᠠᠶᠢᠴᠠᠭᠠᠨ ᠲᠤᠳᠤᠯᠠᠮᠠᠭᠴᠠ ᠮᠡᠳᠡᠭᠦᠯᠬᠦ ᠦᠭᠡᠢ ᠨᠢᠭᠤᠭᠰᠠᠨ ᠢᠶᠠᠷ ᠰᠢᠢᠳᠪᠦᠷᠢᠯᠡᠨᠡ | ᠃ | ᠠᠷᠪᠠᠨ ᠨᠠᠢᠮᠠᠳᠤᠭᠠᠷ ᠵᠦᠢᠯ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠳᠤ ᠰᠠᠭᠤᠭᠠ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ | ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠮᠠᠭᠠᠳᠯᠠᠨ ᠲᠣᠭᠲᠠᠭᠠᠬᠤ ᠪᠠ | ᠦᠢᠯᠡᠴᠢᠯᠡᠬᠦ ᠶᠢ ᠲᠣᠰ ᠠᠷᠭᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨᠡ᠃ | ᠠᠷᠪᠠ ᠶᠢᠰᠦᠳᠦᠭᠡᠷ ᠵᠦᠢᠯ ᠲᠤᠰ ᠠᠷᠭᠠ ᠳᠤ ᠪᠡᠯᠡ ᠮᠥᠩᠭᠦ ᠶᠢᠨ ᠢᠷᠡᠯᠲᠡ ᠶᠢ ᠨᠢᠭᠡᠨᠲᠡ | ᠲᠣᠳᠣᠷᠬᠠᠶᠢᠯᠠᠭᠰᠠᠨ ᠪᠠᠶᠢᠪᠠᠯ ᠤᠤᠯ ᠠᠷᠭᠠ ᠵᠠᠮ ᠢᠶᠠᠷ ᠬᠡᠷᠡᠭᠵᠢᠭᠦᠯᠵᠦ᠂ ᠲᠤᠰ ᠠᠷᠭᠠ ᠨᠢ ᠮᠠᠨ ᠤ ᠬᠤᠲᠠ ᠶᠢᠨ | ᠣᠳᠣ ᠶᠢᠨ ᠬᠡᠷᠡᠭᠵᠢᠭᠦᠯᠵᠦ ᠪᠠᠶᠢᠭᠠ ᠲᠥᠷᠥ ᠶᠢᠨ ᠪᠣᠳᠣᠯᠭᠠ ᠲᠠᠢ ᠨᠢᠭᠡᠳᠦᠯ ᠦᠭᠡᠢ ᠪᠠᠶᠢᠪᠠᠯ᠂ ︽ᠥᠨᠳᠥᠷ | ᠪᠠᠷᠢᠮᠵᠢᠶᠠ ᠪᠠᠷ ᠬᠦᠷᠲᠡᠭᠡᠬᠦ ᠰᠢᠯᠢᠳᠡᠭ ᠶᠢ ᠨᠢ ᠰᠣᠩᠭᠤᠬᠤ ᠳᠠᠪᠬᠤᠷᠳᠠᠭᠤᠯᠬᠤ ᠦᠭᠡᠢ︾ ᠵᠠᠷᠴᠢᠮ ᠢᠶᠠᠷ | ᠬᠡᠷᠡᠭᠵᠢᠭᠦᠯᠵᠦ᠂ ᠪᠤᠰᠤᠳ ᠲᠥᠷᠥ ᠶᠢᠨ ᠪᠣᠳᠣᠯᠭᠠ ᠶᠢᠨ ᠠᠷᠭᠠ ᠬᠡᠮᠵᠢᠶᠡ ᠳᠤ ᠬᠡᠷᠡᠭᠰᠡᠬᠦ ᠪᠡᠯᠡ ᠮᠥᠩᠭᠦ ᠶᠢ | ᠬᠤᠲᠠ ᠶᠢᠨ ᠴᠢᠳᠠᠪᠤᠷᠢᠲᠠᠨ ᠤ ᠲᠤᠰᠬᠠᠶ ᠪᠡᠯᠡ ᠮᠥᠩᠭᠦ ᠠᠴᠠ ᠭᠠᠷᠭᠠᠨᠠ᠃ | ᠬᠤᠷᠢᠳᠤᠭᠠᠷ ᠵᠦᠢᠯ ᠲᠣᠰ ᠠᠷᠭᠠ ᠶᠢ ᠬᠤᠲᠠ ᠶᠢᠨ ᠨᠠᠮ ᠤᠨ ᠬᠤᠷᠢᠶᠠ ᠶᠢᠨ ᠴᠢᠳᠠᠪᠤᠷᠢᠲᠠᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ | ᠡᠬᠢᠯᠡᠨ 30 ᠡᠳᠦᠷ ᠤᠨ ᠳᠠᠷᠠᠭᠠ ᠬᠡᠷᠡᠭᠵᠢᠭᠦᠯᠦᠨᠡ᠃ | | ᠳᠠᠭᠠᠯᠳᠤᠭᠤᠯᠤᠯ᠄ ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠲᠥᠷᠥᠯ ᠬᠤᠪᠢᠶᠠᠨ | ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶ | | | | ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ | ᠭᠠᠷᠴᠠᠭ ︵ᠲᠤᠷᠰᠢᠨ ᠬᠡᠷᠡᠭᠵᠢᠭᠦᠯᠬᠦ︶ | | | | ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ᠂ ᠤᠯᠤᠰ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ ᠣᠷᠣᠨ | ᠨᠤᠲᠤᠭ ᠤᠨ ᠲᠠᠰ ᠤᠨ ᠳᠠᠭᠠᠭᠤᠯᠤᠭᠴᠢ ᠴᠢᠳᠠᠪᠤᠷᠢᠲᠠᠨ᠂ ᠣᠷᠣᠨ ᠨᠤᠲᠤᠭ ᠤᠨ ᠲᠠᠰ ᠤᠨ ᠳᠡᠭᠡᠳᠦ ᠲᠠᠰ ᠤᠨ | ᠴᠢᠳᠠᠪᠤᠷᠢᠲᠠᠨ ᠵᠡᠷᠭᠡ 4 ᠲᠠᠰ ᠳᠠᠪᠬᠤᠷᠭᠠ ᠪᠠᠷ ᠲᠦᠷᠥᠯ ᠬᠤᠪᠢᠶᠠᠨᠠ᠃ | ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ᠃ ᠡᠭᠦᠨ ᠳᠤ ᠤᠯᠤᠰ ᠤᠨ | ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠬᠦᠷᠲᠡᠭᠴᠢ︔ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ︔ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ | ᠤᠨ ᠠᠺᠠᠳᠧᠮᠢᠴᠢ︔ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠳᠡᠮ ᠰᠢᠨᠵᠢᠯᠡᠭᠡᠨ ᠤ | ᠭᠡᠰᠢᠭᠦᠨ᠂ ᠡᠷᠳᠡᠮ ᠰᠢᠨᠵᠢᠯᠡᠭᠡᠨ ᠤ ᠨᠡᠷᠡ ᠬᠦᠨᠳᠦᠲᠦ ᠭᠡᠰᠢᠭᠦᠨ︔ ᠤᠯᠤᠰ ᠤᠨ ︽ᠭᠠᠳᠠᠭᠠᠳᠤ ᠳᠠᠬᠢ ᠳᠡᠭᠡᠳᠦ | ᠲᠠᠰ ᠳᠠᠪᠬᠤᠷᠭᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ ᠶᠢᠨ ᠣᠷᠦ᠋ᠢᠯᠠᠭᠰᠠᠨ | ᠴᠢᠳᠠᠪᠤᠷᠢᠲᠠᠨ︔ ᠣᠶᠢᠷᠠ ᠶᠢᠨ 5 ᠵᠢᠯ ᠳᠤ ᠳᠡᠯᠡᠬᠡᠶ ᠶᠢᠨ 500 ᠬᠦᠴᠦᠷᠬᠡᠭ ᠠᠵᠤ ᠠᠬᠤᠶᠢᠯᠠᠯ ᠤᠨ ᠶᠡᠷᠦᠩᠬᠡᠶ | ᠬᠡᠯᠲᠡᠰ ᠤᠨ ᠲᠡᠷᠢᠭᠦᠨ ᠭᠦᠢᠴᠡᠳᠬᠡᠭᠴᠢ ᠲᠤᠰᠢᠶᠠᠯᠲᠠᠨ᠂ ᠲᠡᠷᠢᠭᠦᠨ ᠡᠵᠡᠩᠨᠡᠯᠲᠡ ᠶᠢᠨ ᠲᠤᠰᠢᠶᠠᠯᠲᠠᠨ᠂ ᠲᠡᠷᠢᠭᠦᠨ | ᠮᠡᠷᠭᠡᠵᠢᠯ ᠤᠨ ᠲᠤᠰᠢᠶᠠᠯᠲᠠᠨ ᠤ ᠲᠤᠰᠢᠶᠠᠯ ᠢ ᠡᠭᠦᠷᠭᠡᠯᠡᠵᠦ ᠪᠠᠶᠢᠭᠰᠠᠨ︔ ᠵᠢᠴᠢ ᠳᠡᠭᠡᠷᠡ ᠳᠤᠷᠠᠳᠤᠭᠰᠠᠨ | ᠳᠠᠪᠬᠤᠷᠭᠠ ᠲᠠᠢ ᠲᠡᠩᠴᠡᠬᠦ ᠤᠯᠤᠰ ᠤᠨ ᠳᠣᠲᠣᠭᠠᠳᠤ ᠭᠠᠳᠠᠭᠠᠳᠤ ᠶᠢᠨ ᠣᠷᠦ᠋ᠢᠯᠠᠭᠰᠠᠨ ᠴᠢᠳᠠᠪᠤᠷᠢᠲᠠᠨ ᠢ | ᠪᠠᠭᠲᠠᠭᠠᠨᠠ᠃ | ᠤᠯᠤᠰ ᠤᠨ ᠲᠡᠰ ᠤᠨ ᠲᠠᠭᠠᠭᠤᠯᠤᠬᠴᠢ ᠴᠢᠳᠠᠪᠤᠷᠢᠲᠠᠨ᠃ ᠡᠭᠦᠨ ᠳᠤ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠵᠦ ᠰᠣᠩᠭᠤᠬᠤ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠶᠢ ᠰᠢᠯᠢᠨ ᠰᠣᠩᠭᠤᠬᠤ ᠳᠤ ᠣᠷᠣᠯᠴᠠᠬᠤ ᠬᠦᠴᠦᠨ ᠲᠠᠢ ᠵᠢᠱᠢᠭᠳᠡᠭᠴᠢ︔ | ᠤᠯᠤᠰ ᠤᠨ ︽ᠭᠠᠳᠠᠭᠠᠳᠤ ᠳᠠᠬᠢ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠲᠥᠯᠥᠪᠯᠡᠭᠡ︾ ᠳᠤ ᠰᠣᠩᠭᠤᠭᠳᠠᠭᠰᠠᠳ ︵ᠵᠠᠯᠠᠭᠤᠴᠤᠳ ᠤᠨ ᠲᠥᠷᠥᠯ ᠵᠦᠢᠯ ᠠᠴᠠ ᠭᠠᠳᠠᠨᠠ︶︔ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠨᠢᠭᠡᠳᠦᠭᠡᠷ ᠳᠡᠰ ᠤᠨ ᠱᠠᠩᠨᠠᠯ ᠤᠨ | ᠲᠦᠷᠦᠭᠦᠤ 5 ᠪᠡᠶᠡᠯᠡᠭᠦᠯᠦᠭᠴᠢ︔ ᠣᠶᠢᠷᠠ ᠶᠢᠨ 5 ᠵᠢᠯ ᠳᠤ ᠳᠤᠮᠳᠠᠳᠤ ᠤᠯᠤᠰ ᠤᠨ ᠠᠵᠤ ᠠᠬᠤᠶᠢᠯᠠᠯ ᠤᠨ 500 | ᠬᠦᠴᠦᠷᠬᠡᠭ ᠤᠨ ᠶᠡᠷᠦᠩᠬᠡᠶ ᠬᠡᠯᠲᠡᠰ ᠤᠨ ᠳᠡᠭᠡᠳᠦ ᠲᠠᠰ ᠤᠨ ᠬᠠᠮᠢᠶᠠᠷᠤᠯᠲᠠ ᠶᠢᠨ ᠠᠵᠢᠯᠲᠠᠨ ᠪᠤᠶᠤ ᠮᠡᠷᠭᠡᠵᠢᠯ ᠤᠨ | ᠰᠤᠳᠤᠯᠭᠠᠨ ᠤ ᠭᠤᠤᠯ ᠪᠦᠷᠢᠯᠳᠦᠬᠦᠨ ᠤ ᠲᠤᠰᠢᠶᠠᠯ ᠢ ᠡᠭᠦᠷᠭᠡᠯᠡᠭᠰᠡᠨ︔ ᠣᠶᠢᠷᠠ ᠶᠢᠨ 5 ᠵᠢᠯ ᠳᠤ ᠳᠡᠯᠡᠬᠡᠶ ᠶᠢᠨ | 500 ᠬᠦᠴᠦᠷᠬᠡᠭ ᠠᠵᠤ ᠠᠬᠤᠶᠢᠯᠠᠯ ᠤᠨ ᠭᠠᠵᠠᠷ ᠣᠷᠣᠨ ᠤ ᠶᠡᠷᠦᠩᠬᠡᠶ ᠬᠡᠯᠲᠡᠰ ᠤᠨ ᠳᠡᠭᠡᠳᠦ ᠲᠠᠰ ᠤᠨ | ᠬᠠᠮᠢᠶᠠᠷᠤᠯᠲᠠ ᠶᠢᠨ ᠠᠵᠢᠯᠲᠠᠨ ᠪᠤᠶᠤ ᠮᠡᠷᠭᠡᠵᠢᠯ ᠤᠨ ᠰᠤᠳᠤᠯᠭᠠᠨ ᠤ ᠭᠤᠤᠯ ᠪᠦᠷᠢᠯᠳᠦᠬᠦᠨ ᠤ ᠲᠤᠰᠢᠶᠠᠯ ᠢ | ᠡᠭᠦᠷᠭᠡᠯᠡᠭᠰᠡᠨ︔ ᠳᠤᠮᠳᠠᠳᠤ ᠤᠯᠤᠰ ᠤᠨ ᠵᠠᠰᠠᠭ ᠤᠨ ᠣᠷᠳᠣᠨ ᠤ ︽ᠨᠥᠬᠦᠷᠯᠡᠯ ᠱᠠᠩᠨᠠᠯ︾ ᠤᠨ ᠲᠤᠰᠬᠠᠶ | ᠮᠡᠷᠭᠡᠵᠢᠯᠲᠡᠨ︔ ᠣᠶᠢᠷᠠ ᠶᠢᠨ ᠬᠤᠶᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠠᠯᠲᠠᠨ | ᠮᠧᠳᠠᠯ ᠬᠦᠷᠲᠡᠭᠴᠢ ︵ᠲᠠᠮᠢᠷᠴᠢᠨ ᠵᠢᠴᠢ ᠭᠠᠭᠴᠠ ᠵᠦᠢᠯ ᠤᠨ ᠶᠡᠷᠦᠩᠬᠡᠶ ᠳᠠᠰᠬᠠᠯᠵᠢᠭᠤᠯᠤᠭᠴᠢ᠂ ᠭᠤᠣᠯ | ᠳᠠᠰᠬᠠᠯᠵᠢᠭᠤᠯᠤᠭᠴᠢ ᠪᠠᠭᠲᠠᠨᠠ︶︔ ᠵᠢᠴᠢ ᠳᠡᠭᠡᠷᠡ ᠳᠤᠷᠠᠳᠤᠭᠰᠠᠨ ᠲᠠᠰ ᠳᠠᠪᠬᠤᠷᠭᠠ ᠲᠠᠢ ᠲᠡᠩᠴᠡᠬᠦ ᠤᠯᠤᠰ ᠤᠨ | ᠲᠠᠰ ᠤᠨ ᠳᠠᠭᠠᠭᠤᠯᠤᠭᠴᠢ ᠴᠢᠳᠠᠪᠤᠷᠢᠲᠠᠨ ᠢ ᠪᠠᠭᠲᠠᠭᠠᠨᠠ᠃ | ᠣᠷᠣᠨ ᠨᠤᠲᠤᠭ ᠤᠨ ᠲᠡᠰ ᠤᠨ ᠲᠠᠭᠠᠭᠤᠯᠤᠬᠴᠢ ᠴᠢᠳᠠᠪᠤᠷᠢᠲᠠᠨ᠃ ᠡᠭᠦᠨ ᠳᠤ ᠤᠯᠤᠰ ᠤᠨ ︽ | ᠭᠠᠳᠠᠭᠠᠳᠤ ᠳᠠᠬᠢ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ︾ | ᠶᠢᠨ ᠵᠠᠯᠠᠭᠤᠴᠤᠳ ᠤᠨ ᠲᠥᠷᠥᠯ ᠵᠦᠢᠯ ᠳᠤ ᠰᠣᠩᠭᠤᠭᠳᠠᠭᠰᠠᠳ︔ ᠤᠯᠤᠰ ᠤᠨ ᠭᠤᠤᠯᠳᠠᠯᠭᠠ ᠲᠠᠢ ᠰᠤᠳᠤᠯᠤᠨ | ᠨᠡᠭᠡᠭᠡᠬᠦ ᠲᠥᠯᠥᠪᠯᠡᠭᠡ ᠶᠢᠨ ᠭᠤᠤᠯᠳᠠᠯᠭᠠ ᠲᠠᠢ ᠲᠤᠰᠬᠠᠶ ᠵᠦᠢᠯ ᠤᠨ ᠡᠭᠦᠷᠭᠡ ︵ᠰᠡᠳᠦᠪ︶ ᠶᠢᠨ ᠬᠠᠷᠢᠭᠤᠴᠠᠯᠭᠠᠲᠠᠨ︔ | ︽ᠬᠥᠬᠡ ᠮᠦᠷᠡᠨ ᠡᠷᠳᠡᠮᠲᠡᠨ ᠢ ᠱᠠᠩᠨᠠᠨ ᠬᠥᠬᠢᠭᠦᠯᠬᠦ ᠲᠥᠯᠥᠪᠯᠡᠭᠡ︾ ᠶᠢᠨ ᠵᠠᠯᠠᠭᠤ ᠡᠷᠳᠡᠮᠲᠡᠨ︔ ᠤᠯᠤᠰ ᠤᠨ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ | ᠮᠥᠩᠭᠦ ᠶᠢᠨ ᠴᠢᠬᠤᠯᠠ ᠶᠡᠭᠡ ᠰᠡᠳᠦᠪ ᠤᠨ ᠬᠦᠲᠦᠯᠦᠭᠴᠢ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠱᠠᠩᠨᠠᠯ ᠤᠨ ᠬᠤᠶᠠᠳᠤᠭᠠᠷ ᠳᠡᠰ ᠤᠨ ᠱᠠᠩᠨᠠᠯ ᠤᠨ ᠡᠮᠦᠨᠡ 5 ᠨᠡᠷᠡᠰ︔ ᠪᠦᠬᠦ ᠤᠯᠤᠰ ᠤᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠷᠳᠡᠭᠰᠡᠳ︔ ᠲᠥᠷᠥ ᠶᠢᠨ ᠶᠠᠪᠤᠳᠠᠯ ᠤᠨ ᠬᠤᠷᠢᠶᠠᠨ ᠤ ᠣᠨᠴᠠ | ᠨᠡᠮᠡᠭᠦᠷᠢ ᠶᠢ ᠬᠦᠷᠲᠡᠭᠴᠢ︔ ᠰᠤᠷᠭᠠᠨ ᠬᠥᠮᠦᠵᠢᠯ ᠤᠨ ᠶᠠᠮᠤᠨ ᠤ ︽ᠰᠢᠨᠡ ᠵᠠᠭᠤᠨ ᠤ ᠰᠢᠯᠢᠳᠡᠭ ᠴᠢᠳᠠᠪᠤᠷᠢᠲᠠᠨ ᠢ | ᠳᠡᠮᠵᠢᠬᠦ ᠲᠥᠯᠥᠪᠯᠡᠭᠡ︾ ᠳᠤ ᠰᠣᠩᠭᠤᠭᠳᠠᠭᠰᠠᠳ︔ ᠪᠦᠬᠦ ᠤᠯᠤᠰ ᠤᠨ ᠵᠢᠱᠢᠶᠡᠴᠢ ᠪᠠᠭᠰᠢ᠂ ᠪᠦᠬᠦ ᠤᠯᠤᠰ ᠤᠨ | ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠠᠵᠢᠯᠳᠡᠠ᠂ ᠪᠦᠬᠦ ᠤᠯᠤᠰ ᠤᠨ ᠰᠤᠷᠭᠠᠨ ᠬᠥᠮᠦᠵᠢᠯ ᠤᠨ | ᠰᠢᠯᠢᠳᠡᠭ ᠠᠵᠢᠯᠳᠡᠠ︔ ᠤᠯᠤᠰ ᠤᠨ ᠲᠠᠰ ᠤᠨ ᠡᠮᠴᠢᠯᠡᠭᠡᠨ ᠤ ᠭᠤᠤᠯᠳᠠᠯᠭᠠ ᠲᠠᠢ ᠲᠤᠰᠬᠠᠶ ᠮᠡᠷᠭᠡᠵᠢᠯ ᠤᠨ | ᠳᠠᠭᠠᠭᠤᠯᠤᠭᠴᠢ︔ ᠳᠡᠯᠡᠬᠡᠢ ᠶᠢᠨ ᠤᠷᠠ ᠮᠡᠷᠭᠡᠵᠢᠯ ᠤᠨ ᠤᠷᠤᠯᠳᠤᠭᠠᠨ ᠤ ᠠᠯᠲᠠᠨ ᠮᠧᠳᠠᠯ᠂ ᠮᠥᠩᠭᠦᠨ ᠮᠧᠳᠠᠯ᠂ | ᠭᠠᠤᠯᠢᠨ ᠮᠧᠳᠠᠯ ᠪᠠ ᠤᠯᠤᠰ ᠤᠨ ᠲᠠᠰ ᠤᠨ ᠨᠢᠭᠡᠳᠦᠭᠡᠷ ᠲᠥᠷᠥᠯ ᠤᠨ ᠤᠷᠠ ᠮᠡᠷᠭᠡᠵᠢᠯ ᠤᠨ ᠤᠷᠤᠯᠳᠤᠭᠠᠨ ᠤ | ᠲᠦᠷᠦᠭᠦᠤ ᠲᠠᠪᠤᠨ ᠨᠡᠷᠡᠰ ᠲᠤ ᠣᠷᠣᠭᠰᠠᠳ︔ ᠳᠤᠮᠳᠠᠳᠤ ᠶᠢᠨ ᠤᠷᠠ ᠮᠡᠷᠭᠡᠵᠢᠯ ᠤᠨ ᠶᠡᠭᠡ ᠱᠠᠩᠨᠠᠯ ᠢ ᠬᠦᠷᠳᠡᠭᠴᠢ᠂ | ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠲᠠᠨ᠂ ᠤᠯᠤᠰ ᠤᠨ ᠲᠡᠰ ᠤᠨ ᠤᠷᠠ ᠮᠡᠷᠭᠡᠵᠢᠯ ᠤᠨ ᠶᠡᠭᠡ ᠮᠠᠰᠲ᠋ᠧᠷ ᠤᠨ | ᠠᠵᠢᠯᠯᠠᠬᠤ ᠲᠠᠰᠤᠭ ᠤᠨ ᠡᠷᠬᠢᠯᠡᠭᠴᠢ︔ ᠣᠶᠢᠷᠠ ᠶᠢᠨ 5 ᠵᠢᠯ ᠳᠤ ᠳᠡᠯᠡᠬᠡᠶ ᠶᠢᠨ 500 ᠬᠦᠴᠦᠷᠬᠡᠭ᠂ ᠳᠤᠮᠳᠠᠳᠤ | ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠠᠵᠤ | ᠠᠬᠤᠶᠢᠯᠠᠯ ᠳᠤ ᠭᠠᠵᠠᠷ ᠣᠷᠣᠨ ᠤ ᠶᠡᠷᠦᠩᠬᠡᠶ ᠬᠡᠯᠲᠡᠰ ᠤᠨ ᠶᠡᠷᠦᠩᠬᠡᠶ ᠳᠠᠭᠠᠭᠠᠮᠠᠯ ︵ᠬᠡᠷᠡᠭ ᠮᠡᠳᠡᠭᠴᠢᠳ ᠤᠨ | ᠳᠠᠷᠤᠭᠠ︶᠂ ᠮᠡᠷᠭᠡᠵᠢᠯ ᠤᠨ ᠲᠦᠷᠦᠭᠦᠤ ᠲᠤᠰᠢᠶᠠᠯᠲᠠᠨ ᠤ ᠲᠤᠰᠢᠶᠠᠯ ᠢ ᠡᠭᠦᠷᠭᠡᠯᠡᠭᠰᠡᠨ︔ ᠮᠤᠵᠢ ᠶᠠᠮᠤᠨ ᠤ | ᠲᠡᠰ ᠤᠨ ᠲᠤᠪᠦ᠋ᠢᠮᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠨᠠᠰᠤᠨ ᠤ ᠲᠤᠰᠬᠠᠶ ᠮᠡᠷᠭᠡᠵᠢᠯᠲᠡᠨ︔ ᠪᠥᠬᠦ | ᠤᠯᠤᠰ ᠤᠨ ᠳᠡᠳ᠋ ᠮᠤᠵᠢ ᠶᠢᠨ ᠲᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠭᠡᠳᠦ ᠲᠠᠰ ᠳᠠᠪᠬᠤᠷᠭᠠ ᠶᠢᠨ | ᠴᠢᠳᠠᠪᠤᠷᠢᠲᠠᠨ ᠤ ᠢᠨᠵᠧᠨᠧᠷᠢᠩ ᠳᠤ ᠰᠣᠩᠭᠤᠭᠳᠠᠭᠰᠠᠳ︔ ᠣᠶᠢᠷᠠ ᠶᠢᠨ ᠬᠤᠶᠠᠷ ᠬᠤᠭᠤᠴᠠᠭᠠᠨ ᠤ ᠣᠯᠢᠮᠫᠢᠺ ᠤᠨ | ᠲᠠᠮᠢᠷ ᠤᠨ ᠴᠤᠭᠯᠠᠭᠠᠨ ᠤ ᠮᠥᠩᠭᠦᠨ ᠮᠧᠳᠠᠯ᠂ ᠭᠠᠤᠯᠢᠨ ᠮᠧᠳᠠᠯ᠂ ᠳᠡᠯᠡᠬᠡᠶ ᠶᠢᠨ ᠮᠠᠩᠯᠠᠶ ᠰᠢᠯᠭᠠᠷᠠᠭᠤᠯᠬᠤ | ᠤᠷᠤᠯᠳᠤᠭᠠᠨ᠂ ᠳᠡᠯᠡᠬᠡᠶ ᠶᠢᠨ ᠬᠤᠨᠳᠠᠭᠠᠲᠤ ᠤᠷᠤᠯᠳᠤᠭᠠᠨ ᠤ ᠡᠮᠦᠨᠡ 3 ᠨᠡᠷᠡᠰ᠂ ᠠᠽᠢᠶᠠ ᠲᠢᠪ ᠤᠨ ᠪᠡᠶᠡ ᠶᠢᠨ | ᠲᠠᠮᠢᠷ ᠤᠨ ᠴᠤᠭᠯᠠᠭᠠᠨ᠂ ᠪᠥᠬᠦ ᠤᠯᠤᠰ ᠤᠨ ᠪᠡᠶᠡ ᠶᠢᠨ ᠲᠠᠮᠢᠷ ᠤᠨ ᠴᠤᠭᠯᠠᠭᠠᠨ ᠤ ᠠᠯᠲᠠᠨ ᠮᠧᠳᠠᠯ ᠬᠦᠷᠲᠡᠭᠴᠢ ︵ | ᠲᠠᠮᠢᠷᠴᠢᠨ ᠵᠢᠴᠢ ᠭᠠᠭᠴᠠ ᠵᠦᠢᠯ ᠤᠨ ᠶᠡᠷᠦᠩᠬᠡᠶ ᠳᠠᠰᠬᠠᠯᠵᠢᠭᠤᠯᠤᠭᠴᠢ᠂ ᠭᠤᠤᠯ ᠳᠠᠰᠬᠠᠯᠵᠢᠭᠤᠯᠤᠭᠴᠢ ᠶᠢ | ᠪᠠᠭᠲᠠᠭᠠᠨᠠ︶︔ ᠵᠢᠴᠢ ᠳᠡᠭᠡᠷᠡ ᠳᠤᠷᠠᠳᠤᠭᠰᠠᠨ ᠳᠠᠪᠬᠤᠷᠭᠠ ᠲᠠᠢ ᠲᠡᠩᠴᠡᠬᠦ ᠳᠠᠭᠠᠭᠤᠯᠤᠭᠴᠢ ᠴᠢᠳᠠᠪᠤᠷᠢᠲᠠᠨ ᠢ | ᠪᠠᠭᠲᠠᠭᠠᠨᠠ᠃ | ᠣᠷᠣᠨ ᠨᠤᠲᠤᠭ ᠤᠨ ᠲᠡᠰ ᠤᠨ ᠳᠡᠭᠡᠳᠦ ᠵᠡᠷᠭᠡ ᠶᠢᠨ ᠴᠢᠳᠠᠪᠣᠷᠢᠲᠠᠨ᠃ ᠬᠤᠲᠠ ᠶᠢᠨ ᠨᠠᠮ ᠤᠨ ᠬᠤᠷᠢᠶᠠᠨ ᠤ | ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠮᠠᠭᠠᠳᠯᠠᠨ ᠲᠣᠭᠲᠠᠭᠠᠭᠰᠠᠨ | ᠪᠠᠴᠢᠮ ᠱᠠᠭᠠᠷᠳᠠᠭᠳᠠᠵᠤ ᠪᠠᠶᠢᠭᠠ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠠ ᠳᠡᠭᠡᠳᠦ | ᠵᠡᠷᠭᠡ ᠶᠢᠨ ᠮᠠᠰᠲ᠋ᠧᠷ ᠴᠢᠳᠠᠪᠤᠷᠢᠲᠠᠨ᠃ | ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠤ ᠲᠥᠷᠥᠯ ᠬᠤᠪᠢᠶᠠᠭᠰᠠᠨ ᠭᠠᠷᠴᠠᠭ ᠲᠤ 2 ᠵᠢᠯ ᠳᠤ ᠨᠢᠭᠡ | ᠤᠳᠠᠭᠠ ᠲᠣᠬᠢᠷᠠᠭᠤᠯᠤᠯᠲᠠ ᠬᠢᠨᠠ᠃ ᠳᠡᠭᠡᠷᠡᠬᠢ ᠳᠥᠷᠪᠡᠨ ᠲᠥᠷᠥᠯ ᠤᠨ ᠳᠡᠭᠡᠳᠦ ᠲᠠᠰ ᠳᠠᠪᠬᠤᠷᠭᠠ ᠶᠢᠨ | ᠴᠢᠳᠠᠪᠤᠷᠢᠲᠠᠨ ᠤ ᠲᠤᠰᠬᠠᠶ ᠮᠡᠷᠭᠡᠵᠢᠯ ᠤᠨ ᠬᠢᠷᠢ ᠬᠡᠮᠵᠢᠶᠡ ᠶᠢ ᠪᠦᠷᠢᠯᠳᠦᠭᠦᠯᠦᠭᠰᠡᠨ᠂ ᠬᠠᠷᠠᠬᠠᠨ ᠲᠣᠳᠣᠷᠬᠠᠶᠢᠯᠠᠭᠠᠳᠤᠶ | ᠪᠤᠰᠤᠳ ᠴᠢᠳᠠᠪᠤᠷᠢᠲᠠᠨ ᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ ᠪᠠᠷ ᠳᠡᠮᠵᠢᠨ | ᠮᠠᠭᠠᠳᠯᠠᠨ ᠲᠣᠭᠲᠠᠭᠠᠨᠠ᠃ | | | | | | | ᠬᠥᠬᠡᠬᠤᠲᠠ ᠶᠢᠨ ᠴᠢᠳᠠᠪᠤᠷᠢᠲᠠᠨ ᠲᠠᠲᠠᠬᠤ ᠲᠥᠷᠥ ᠶᠢᠨ ᠪᠣᠳᠣᠯᠭᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ | ᠰᠢᠨᠡ ᠶᠢ ᠡᠭᠦᠳᠬᠦ ᠬᠦᠷᠢᠶᠡ ᠴᠠᠷᠠᠭᠠ ᠶᠢᠨ10 ᠵᠦᠢᠯ ᠤᠨ ᠢᠵᠢ ᠪᠦᠷᠢᠳᠦᠭᠦᠯᠬᠦ ᠬᠡᠷᠡᠭᠵᠢᠭᠦᠯᠬᠦ | ᠨᠠᠷᠢᠨ ᠳᠦᠷᠢᠮ | ︵ᠲᠤᠷᠰᠢᠨ ᠬᠡᠷᠡᠭᠵᠢᠭᠦᠯᠬᠦ︶︶ | | | | ᠨᠢᠭᠡᠳᠦᠭᠡᠷ ᠵᠦᠢᠯ ︽ᠬᠥᠬᠡᠬᠤᠲᠠ ᠶᠢᠨ ᠴᠢᠳᠠᠪᠤᠷᠢᠲᠠᠨ ᠢ ᠲᠠᠲᠠᠬᠤ 10 ᠵᠦᠢᠯ ᠤᠨ ᠲᠥᠷᠥ ᠶᠢᠨ ᠪᠣᠳᠣᠯᠭᠠ | ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠨᠠᠮ ᠲᠠᠷᠬᠠᠭᠠᠭᠰᠠᠨ ﹇2021﹈ 13 ᠳ᠋ᠤᠭᠠᠷ ᠲᠣᠭᠠᠲᠤ︶ ᠢ | ᠦᠨᠳᠦᠰᠦᠯᠡᠵᠦ᠂ ᠮᠠᠨ ᠤ ᠬᠤᠲᠠ ᠶᠢᠨ ᠳᠡᠭᠡᠳᠦ ᠲᠠᠰ ᠳᠠᠪᠬᠤᠷᠭᠠ ᠶᠢᠨ ᠰᠢᠨᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ᠂ ︽ᠵᠠᠰᠠᠭ ᠤᠨ ᠣᠷᠳᠣᠨ ᠠᠵᠤ | ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠷᠡᠭᠯᠡᠭᠡᠨ ᠤ | ᠮᠥᠩᠭᠦ︾ ᠶᠢᠨ ᠰᠢᠨᠡ ᠶᠢ ᠡᠭᠦᠳᠬᠦ ᠬᠤᠯᠪᠣᠭᠠᠲᠤ ᠴᠣᠭᠴᠠ᠂ ᠠᠵᠤ ᠦᠢᠯᠡᠰ ᠤᠨ ᠮᠡᠷᠭᠡᠵᠢᠯ ᠤᠨ ᠰᠢᠨᠡ ᠶᠢ | ᠡᠭᠦᠳᠬᠦ ᠰᠤᠳᠤᠯᠭᠠᠨ ᠤ ᠬᠦᠷᠢᠶᠡᠯᠡᠩ᠂ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠪᠠᠶᠢᠭᠤᠯᠬᠤ ᠵᠢᠴᠢ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠤᠨ ᠰᠣᠩᠭᠤᠬᠤ ᠨᠡᠶᠢᠲᠡ ᠲᠠᠪᠤᠨ ᠲᠥᠷᠥᠯ ᠤᠨ | ᠴᠢᠳᠠᠪᠤᠷᠢᠲᠠᠨ ᠢ ᠳᠡᠮᠵᠢᠬᠦ ᠲᠥᠷᠥᠯ ᠵᠦᠢᠯ ᠳᠤ ᠲᠣᠰ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠳᠡᠭᠡᠳᠦ ᠲᠠᠰ ᠳᠠᠪᠬᠤᠷᠭᠠ ᠶᠢᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ | ᠨᠥᠬᠦᠴᠡᠯ᠄ ︽ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ | ᠲᠣᠭᠲᠠᠭᠠᠬᠤ ᠭᠠᠷᠴᠠᠭ︾ ᠲᠤ ᠲᠣᠭᠲᠠᠭᠠᠭᠰᠠᠨ ᠴᠢᠳᠠᠪᠤᠷᠢᠲᠠᠨ ᠤ ᠨᠥᠬᠦᠴᠡᠯ ᠢ ᠬᠠᠩᠭᠠᠵᠤ᠂ ᠬᠠᠲᠠᠨ ᠴᠢᠨᠠᠷ ᠲᠠᠢ | ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭᠠ ᠶᠢᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠮᠠᠨ ᠤ ᠬᠤᠲᠠ ᠳᠤ 3 ᠵᠢᠯ ᠠᠴᠠ ᠳᠡᠭᠡᠭᠰᠢ ᠬᠤᠭᠤᠴᠠᠭᠠ ᠲᠠᠢ ᠵᠢᠩᠬᠢᠨᠢ ᠬᠥᠳᠡᠯᠮᠦᠷᠢ ᠶᠢᠨ ᠭᠡᠷᠡ | ᠲᠣᠭᠲᠠᠬᠤ ᠪᠤᠶᠤ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠠᠶᠢᠬᠤ︔ ᠤᠶᠠᠨ ᠴᠢᠨᠠᠷ ᠲᠠᠢ ᠣᠷᠣᠭᠤᠯᠤᠨ | ᠠᠪᠴᠢᠷᠠᠭᠰᠠᠨ ᠳᠡᠭᠡᠳᠦ ᠲᠠᠰ ᠳᠠᠪᠬᠤᠷᠭᠠ ᠶᠢᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠨᠢ ᠮᠠᠨ ᠤ ᠬᠤᠲᠠ ᠶᠢᠨ ᠬᠥᠮᠦᠨ ᠬᠡᠷᠡᠭᠯᠡᠬᠦ ᠨᠢᠭᠡᠴᠡ ᠯᠦᠭᠡ ᠲᠥᠷᠥᠯ ᠵᠦᠢᠯ ᠤᠨ ᠬᠠᠮᠲᠤᠷᠠᠯᠴᠠᠭᠠᠨ ᠤ | ᠵᠥᠪᠯᠡᠯᠴᠡᠭᠡᠷ᠂ ᠤᠷᠢᠨ ᠬᠡᠷᠡᠭᠯᠡᠬᠦ ᠵᠥᠪᠯᠡᠯᠴᠡᠭᠡᠷ᠂ ᠮᠡᠷᠭᠡᠵᠢᠯ ᠤᠨ ᠯᠠᠪᠯᠠᠭᠠ ᠬᠢᠭᠡᠳ ᠦᠢᠯᠡᠴᠢᠯᠡᠭᠡᠨ ᠤ ᠭᠡᠷᠡ | ᠵᠡᠷᠭᠡ ᠳᠤ ᠭᠠᠷ ᠤᠨ ᠥᠰᠥᠭ ᠵᠢᠷᠣᠭᠰᠠᠨ ᠪᠠᠶᠢᠪᠠᠯ ᠵᠣᠬᠢᠨᠠ᠃ | ᠭᠤᠷᠪᠠᠳᠤᠭᠠᠷ ᠵᠦᠢᠯ ᠳᠡᠭᠡᠳᠦ ᠲᠠᠰ ᠳᠠᠪᠬᠤᠷᠭᠠ ᠶᠢᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠢ ᠣᠷᠣᠭᠤᠯᠤᠨ ᠠᠪᠴᠢᠷᠠᠬᠤ ᠲᠥᠷᠥᠯ ᠵᠦᠢᠯ ᠤᠨ ᠳᠡᠮᠵᠢᠬᠦ ᠪᠠᠯᠠ | ᠮᠥᠩᠭᠦ ᠶᠢᠨ ᠲᠤᠭᠠ ᠵᠢᠴᠢ ᠬᠡᠷᠡᠭᠯᠡᠬᠦ ᠴᠢᠭᠯᠡᠯ᠄ ᠬᠠᠲᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠪᠡᠶᠡ ᠪᠠᠨ | ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠭᠤᠤᠯᠯᠠᠬᠤ ᠮᠡᠷᠭᠡᠵᠢᠯ ᠪᠠ ᠠᠵᠤ | ᠦᠢᠯᠡᠰ ᠤᠨ ᠪᠣᠭᠤᠮᠢ ᠶᠢᠨ ᠲᠠᠯᠠ ᠪᠠᠷ ᠴᠢᠬᠤᠯᠠ ᠶᠡᠭᠡ ᠰᠢᠪᠲᠤᠯᠤᠯᠲᠠ ᠲᠠᠢ ᠴᠢᠳᠠᠪᠤᠷᠢᠲᠠᠨ ︵ᠪᠦᠯᠬᠦᠮ ᠨᠡᠶᠢᠲᠡ︶ | ᠤ ᠲᠥᠷᠥᠯ ᠵᠦᠢᠯ ᠳᠤ ᠬᠢᠨᠠᠨ ᠲᠣᠭᠲᠠᠭᠠᠬᠤ ᠪᠠ ᠬᠤᠲᠠ ᠶᠢᠨ ᠵᠠᠰᠠᠭ ᠤᠨ ᠣᠷᠳᠣᠨ ᠢᠶᠠᠷ ᠰᠤᠳᠤᠯᠤᠨ | ᠲᠣᠭᠲᠠᠭᠠᠭᠰᠠᠨ ᠤ ᠳᠠᠷᠠᠭᠠ 1000 ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ᠤᠨ ᠲᠥᠷᠥᠯ | ᠵᠦᠢᠯ ᠤᠨ ᠲᠤᠰᠠᠯᠠᠮᠵᠢ ᠣᠯᠭᠤᠬᠤ ᠶᠢᠨ ᠬᠠᠮᠲᠤ᠂ ᠬᠠᠲᠠᠨ ᠴᠢᠨᠠᠷ ᠲᠠᠢ ᠣᠷᠣᠭᠤᠯᠤᠨ ᠠᠪᠴᠢᠷᠠᠭᠰᠠᠨ | ᠳᠠᠭᠠᠭᠤᠯᠤᠭᠴᠢ ᠴᠢᠳᠠᠪᠤᠷᠢᠲᠠᠨ ᠳᠤ ᠲᠥᠷᠥᠯ ᠵᠦᠢᠯ ᠤᠨ ᠪᠠᠯᠠ ᠮᠥᠩᠭᠦ ᠠᠴᠠ 200 ᠲᠦᠮᠡᠨ ᠲᠥᠭᠦᠷᠢᠭ ᠠᠴᠠ | ᠬᠡᠲᠦᠷᠡᠭᠦᠯᠬᠦ ᠥᠬᠡᠶ ᠠᠮᠵᠢᠯᠲᠠ ᠪᠦᠲᠦᠮᠵᠢ ᠶᠢᠨ ᠵᠠᠷᠤᠯᠭᠠ ᠭᠠᠷᠭᠠᠨ ᠬᠤᠪᠢ ᠬᠥᠮᠦᠨ ᠢ ᠱᠠᠩᠨᠠᠵᠤ ᠪᠣᠯᠤᠨᠠ᠃ | ᠬᠥᠮᠦᠨ ᠬᠡᠷᠡᠭᠯᠡᠬᠦ ᠨᠢᠭᠡᠴᠡ ᠶᠢᠨ ᠤᠶᠠᠨ ᠴᠢᠨᠠᠷ ᠲᠠᠢ ᠣᠷᠣᠭᠤᠯᠤᠨ ᠠᠪᠴᠢᠷᠠᠭᠰᠠᠨ ᠳᠡᠭᠡᠳᠦ ᠲᠠᠰ ᠳᠠᠪᠬᠤᠷᠭᠠ ᠶᠢᠨ | ᠴᠢᠳᠠᠪᠤᠷᠢᠲᠠᠨ ︵ᠪᠦᠯᠬᠦᠮ ᠨᠡᠶᠢᠲᠡ︶ ᠤ ᠮᠡᠳᠡᠭᠦᠯᠦᠭᠰᠡᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠲᠥᠷᠥᠯ ᠵᠦᠢᠯ ᠳᠤ᠂ ᠬᠢᠨᠠᠨ ᠲᠣᠭᠲᠠᠭᠠᠬᠤ ᠪᠠᠷ ᠳᠡᠮᠵᠢᠨ ᠬᠠᠮᠤᠭ ᠤᠨ ᠥᠨᠳᠥᠷ ᠲᠡᠭᠡᠨ 100 ᠲᠦᠮᠡᠨ | ᠲᠥᠭᠦᠷᠢᠭ ᠤᠨ ᠲᠥᠷᠥᠯ ᠵᠦᠢᠯ ᠤᠨ ᠲᠤᠰᠠᠯᠠᠮᠵᠢ ᠣᠯᠭᠤᠬᠤ ᠶᠢᠨ ᠬᠠᠮᠲᠤ ᠲᠥᠷᠥᠯ ᠵᠦᠢᠯ ᠤᠨ ᠤᠶᠠᠨ ᠴᠢᠨᠠᠷ ᠲᠠᠢ | ᠣᠷᠣᠭᠤᠯᠤᠨ ᠠᠪᠴᠢᠷᠠᠭᠰᠠᠨ ᠴᠢᠳᠠᠪᠤᠷᠢᠲᠠᠨ ︵ᠪᠦᠯᠬᠦᠮ ᠨᠡᠶᠢᠲᠡ︶ ᠳᠤ᠂ ᠲᠥᠷᠥᠯ ᠵᠦᠢᠯ ᠤᠨ ᠪᠠᠯᠠ ᠮᠥᠩᠭᠦ ᠠᠴᠠ | 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ ᠠᠵᠢᠯ ᠤᠨ ᠠᠮᠵᠢᠯᠲᠠ ᠪᠦᠲᠦᠮᠵᠢ ᠶᠢᠨ ᠵᠠᠷᠤᠯᠭᠠ ᠭᠠᠷᠭᠠᠨ | ᠬᠤᠪᠢ ᠬᠥᠮᠦᠨ ︵ᠪᠦᠯᠬᠦᠮ ᠨᠡᠶᠢᠲᠡ︶ ᠢ ᠱᠠᠩᠨᠠᠵᠤ ᠪᠣᠯᠤᠨᠠ᠃ | ᠳᠥᠷᠪᠡᠳᠦᠭᠡᠷ ᠵᠦᠢᠯ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠰᠤᠷᠭᠠᠭᠤᠯᠢ ᠰᠤᠳᠤᠯᠭᠠᠨ | ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨᠡ ᠶᠢ ᠡᠭᠦᠳᠬᠦ ᠬᠤᠯᠪᠣᠭᠠᠲᠤ ᠴᠣᠭᠴᠠ ᠶᠢᠨ | ᠭᠤᠶᠤᠴᠢᠯᠠᠨ ᠮᠡᠳᠡᠭᠦᠯᠬᠦ ᠨᠥᠬᠦᠴᠡᠯ᠄ ᠠᠵᠤ ᠠᠬᠤᠶᠢᠯᠠᠯ᠂ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠪᠠᠶᠢᠭᠤᠯᠤᠮᠵᠢ᠂ ᠮᠥᠩᠭᠦᠨ | ᠭᠦᠢᠯᠭᠡᠭᠡᠨ ᠤ ᠨᠢᠭᠡᠴᠡ ᠵᠡᠷᠭᠡ ᠶᠢᠨ ᠳᠡᠯᠭᠡᠷᠡᠭᠦᠯᠬᠦ ᠳᠤ ᠬᠡᠷᠡᠭᠯᠡᠬᠦ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ | ᠰᠤᠷᠭᠠᠭᠤᠯᠢ ᠰᠤᠳᠤᠯᠭᠠᠨ ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨᠡ ᠶᠢ ᠡᠭᠦᠳᠬᠦ | ᠬᠤᠯᠪᠣᠭᠠᠲᠤ ᠴᠣᠭᠴᠠ ︵ᠳᠣᠷᠣᠭᠰᠢ ᠬᠤᠯᠪᠣᠭᠠᠲᠤ ᠴᠣᠭᠴᠠ ᠭᠡᠵᠦ ᠲᠣᠪᠴᠢᠯᠠᠨᠠ︶ ᠳᠤ᠂ ᠬᠤᠯᠪᠣᠭᠠᠲᠤ | ᠴᠣᠭᠴᠠ ᠶᠢᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠶᠢ ᠵᠣᠷᠢᠭᠵᠢᠭᠤᠯᠤᠨᠠ︔ ᠬᠤᠯᠪᠣᠭᠠᠲᠤ | ᠴᠣᠭᠴᠠ ᠶᠢᠨ ᠪᠦᠷᠢᠯᠳᠦᠬᠦᠨ ᠢ 5 ᠠᠴᠠ ᠳᠤᠲᠠᠭᠤ ᠦᠭᠡᠢ ᠪᠠᠶᠢᠯᠭᠠᠵᠤ᠂ ᠭᠤᠷᠪᠠᠨ ᠵᠢᠯ ᠠᠴᠠ ᠳᠤᠲᠠᠭᠤ ᠦᠭᠡᠢ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠨᠠ︔ ᠬᠥᠬᠡᠬᠤᠲᠠ ᠳᠤ ᠪᠠᠶᠢᠭᠠ ᠲᠤᠰᠠᠭᠠᠷ ᠬᠠᠤᠯᠢ ᠶᠢᠨ ᠡᠷᠬᠡᠲᠡᠨ ᠤ | ᠬᠢᠷᠢ ᠬᠡᠮ ᠲᠠᠢ ᠨᠢᠭᠡᠨ ᠬᠤᠯᠪᠣᠭᠠᠲᠤ ᠴᠣᠭᠴᠠ ᠶᠢᠨ ᠲᠦᠷᠦᠭᠦᠯᠡᠬᠦ ᠨᠢᠭᠡᠴᠡ ︵ᠬᠡᠷᠡᠭ ᠡᠷᠬᠢᠯᠡᠭᠴᠢᠳ ᠤᠨ | ᠳᠠᠷᠤᠭᠠ ᠶᠢᠨ ᠨᠢᠭᠡᠴᠡ︶ ᠶᠢ ᠲᠣᠭᠲᠠᠭᠠᠵᠤ ᠭᠤᠶᠤᠴᠢᠯᠠᠨ ᠮᠡᠳᠡᠭᠦᠯᠬᠦ ᠴᠢᠬᠤᠯᠠᠲᠠᠶ᠃ | ᠲᠠᠪᠤᠳᠤᠭᠠᠷ ᠵᠦᠢᠯ ︽ᠵᠠᠰᠠᠭ ᠤᠨ ᠣᠷᠳᠣᠨ ᠠᠵᠤ ᠠᠬᠤᠶᠢᠯᠠᠯ ᠶᠡᠭᠡ ᠰᠤᠷᠭᠠᠭᠤᠯᠢ ᠰᠤᠳᠤᠯᠭᠠᠨ | ᠳᠡᠯᠭᠡᠷᠡᠭᠦᠯᠦᠯᠲᠡ ᠬᠡᠷᠡᠭᠯᠡᠯᠲᠡ ᠮᠦᠩᠭᠦᠨ ᠭᠦᠢᠯᠭᠡᠭᠡ︾ ᠶᠢᠨ ᠰᠢᠨᠡ ᠶᠢ ᠡᠭᠦᠳᠬᠦ ᠬᠤᠯᠪᠣᠭᠠᠲᠤ ᠴᠣᠭᠴᠠ ᠶᠢᠨ | ᠳᠡᠮᠵᠢᠬᠦ ᠪᠠᠯᠠ ᠮᠥᠩᠭᠦ ᠶᠢᠨ ᠲᠤᠭᠠ ᠵᠢᠴᠢ ᠬᠡᠷᠡᠭᠯᠡᠬᠦ ᠴᠢᠭᠯᠡᠯ᠄ ᠬᠢᠨᠠᠨ ᠲᠣᠭᠲᠠᠭᠠᠭᠰᠠᠨ ᠤ ᠳᠠᠷᠠᠭᠠ ᠳᠡᠮᠵᠢᠨ | ᠪᠥᠲᠥᠭᠡᠨ ᠪᠠᠶᠢᠭᠤᠯᠤᠭᠰᠠᠨ ᠬᠤᠯᠪᠣᠭᠠᠲᠤ ᠴᠣᠭᠴᠠ ᠨᠢᠭᠡᠪᠦᠷᠢ ᠳᠤ ᠬᠠᠮᠤᠭ ᠤᠨ ᠥᠨᠳᠥᠷ ᠲᠡᠭᠡᠨ 200 ᠲᠦᠮᠡᠨ | ᠲᠥᠭᠦᠷᠢᠭ ᠤᠨ ᠡᠳ᠋ ᠤᠨ ᠵᠠᠰᠠᠭ ᠤᠨ ᠵᠠᠷᠤᠳᠠᠯ ᠤᠨ ᠳᠡᠮᠵᠢᠯᠭᠡ ᠣᠯᠭᠤᠵᠤ᠂ ᠵᠠᠷᠤᠳᠠᠯ ᠢ ᠭᠤᠤᠯᠳᠠᠭᠤ ᠬᠤᠯᠪᠣᠭᠠᠲᠤ | ᠴᠣᠭᠴᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠰᠤᠳᠤᠯᠤᠨ ᠨᠡᠭᠡᠭᠡᠬᠦ᠂ | ᠰᠢᠨᠵᠢᠯᠡᠬᠦ ᠤᠬᠠᠭᠠᠨ ᠤ ᠰᠤᠳᠤᠯᠭᠠᠨ ᠤ ᠦᠷᠡ ᠪᠦᠲᠦᠭᠡᠯ ᠢ ᠤᠯᠠᠷᠢᠭᠤᠯᠬᠤ ᠵᠢᠴᠢ ᠠᠵᠤ ᠦᠶᠯᠡᠰᠵᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠣᠯᠠᠨ ᠨᠡᠶᠢᠲᠡ ᠶᠢᠨ ᠰᠤᠳᠤᠯᠤᠨ ᠨᠡᠭᠡᠭᠡᠬᠦ ᠦᠢᠯᠡᠴᠢᠯᠡᠭᠡᠨ ᠤ | ᠲᠠᠪᠴᠠᠩ ᠢ ᠪᠥᠲᠥᠭᠡᠨ ᠪᠠᠶᠢᠭᠤᠯᠬᠤ ᠵᠡᠷᠭᠡ ᠰᠢᠨᠡ ᠶᠢ ᠡᠭᠦᠳᠬᠦ ᠠᠵᠢᠯᠯᠠᠭᠠ ᠳᠤ ᠬᠡᠷᠡᠭᠯᠡᠨᠡ᠃ | ᠵᠢᠷᠭᠤᠳᠤᠭᠠᠷ ᠵᠦᠢᠯ ᠠᠵᠤ ᠦᠢᠯᠡᠰ ᠤᠨ ᠮᠡᠷᠭᠡᠵᠢᠯ ᠤᠨ ᠰᠢᠨᠡ ᠶᠢ ᠡᠭᠦᠳᠬᠦ ᠰᠤᠳᠤᠯᠭᠠᠨ ᠤ | ᠬᠦᠷᠢᠶᠡᠯᠡᠩ ᠤᠨ ᠮᠡᠳᠡᠭᠦᠯᠬᠦ ᠨᠥᠬᠦᠴᠡᠯ᠄ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠶᠡᠭᠡ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠠᠨ ᠤ ᠬᠤᠲᠠ ᠲᠠᠢ ᠬᠠᠮᠲᠤᠷᠠᠨ ᠪᠠᠶᠢᠭᠤᠯᠤᠭᠰᠠᠨ | ᠠᠵᠤ ᠦᠢᠯᠡᠰ ᠤᠨ ᠮᠡᠷᠭᠡᠵᠢᠯ ᠤᠨ ᠰᠢᠨᠡ ᠶᠢ ᠡᠭᠦᠳᠬᠦ ᠰᠤᠳᠤᠯᠭᠠᠨ ᠤ ᠬᠦᠷᠢᠶᠡᠯᠡᠩ ︵ᠳᠣᠷᠣᠭᠰᠢ ︽ | ᠰᠤᠳᠤᠯᠭᠠᠨ ᠤ ᠬᠦᠷᠢᠶᠡᠯᠡᠩ︾ ᠭᠡᠵᠦ ᠲᠣᠪᠴᠢᠯᠠᠨᠠ︶᠂ ᠬᠥᠬᠡᠬᠤᠲᠠ ᠳᠤ ᠪᠠᠶᠢᠭᠠ ᠲᠤᠰᠠᠭᠠᠷ ᠬᠠᠤᠯᠢ ᠶᠢᠨ | ᠡᠷᠬᠡᠲᠡᠨ ᠤ ᠬᠢᠷᠢ ᠬᠡᠮ ᠲᠠᠢ᠂ ᠭᠠᠶᠢᠯᠢ ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ ᠪᠠᠶᠢᠬᠤ︔ | ᠰᠤᠳᠤᠯᠭᠠᠨ ᠤ ᠬᠦᠷᠢᠶᠡᠯᠡᠩ ᠠᠴᠠ ᠬᠥᠬᠡᠬᠤᠲᠠ ᠳᠤ ᠲᠣᠮᠢᠯᠠᠨ ᠰᠠᠭᠤᠯᠭᠠᠭᠰᠠᠨ ᠰᠤᠳᠤᠯᠤᠨ ᠨᠡᠭᠡᠭᠡᠬᠦ ᠠᠵᠢᠯᠲᠠᠨ ᠨᠢ | ᠵᠠᠷᠴᠢᠮ ᠳᠡᠭᠡᠷᠡ ᠪᠠᠨ ᠲᠡᠭᠦᠨ ᠤ ᠪᠥᠬᠦ ᠬᠥᠮᠦᠨ ᠤ ᠲᠣᠭᠠᠨ ᠤ 1/4 ᠠᠴᠠ ᠳᠤᠲᠠᠭᠤ ᠪᠠᠶᠢᠵᠤ ᠪᠣᠯᠬᠤ ᠥᠬᠡᠶ | ᠪᠥᠭᠡᠳ 80% ᠠᠴᠠ ᠳᠡᠭᠡᠭᠰᠢᠬᠢ ᠨᠢ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠤᠶᠤ ᠮᠠᠰᠲ᠋ᠧᠷ ᠵᠢᠴᠢ | ᠲᠡᠭᠦᠨ ᠠᠴᠠ ᠳᠡᠭᠡᠭᠰᠢᠬᠢ ᠡᠷᠳᠡᠮ ᠤᠨ ᠴᠣᠯᠠ ᠲᠠᠢ︔ ᠰᠤᠳᠤᠯᠭᠠᠨ ᠤ ᠬᠦᠷᠢᠶᠡᠯᠡᠩ ᠤᠨ ᠬᠠᠮᠲᠤᠷᠠᠯᠴᠠᠭᠠᠨ ᠤ | ᠬᠤᠭᠤᠴᠠᠭᠠᠨ ᠳᠤ ᠠᠳᠠᠭ ᠲᠠᠭᠠᠨ 15 ᠵᠦᠢᠯ ᠤᠨ ᠦᠷᠡ ᠪᠦᠲᠦᠭᠡᠯ ᠢ ᠨᠠᠶᠢᠳᠠᠪᠤᠷᠢᠵᠢᠭᠤᠯᠤᠨ ᠠᠵᠤ | ᠦᠢᠯᠡᠰᠵᠢᠭᠦᠯᠵᠦ᠂ 10 ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠣᠭᠰᠠᠨ | ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠠᠵᠤ ᠦᠢᠯᠡᠰ ᠤᠨ ᠮᠡᠷᠭᠡᠵᠢᠯ ᠤᠨ ᠰᠢᠨᠡ ᠶᠢ ᠡᠭᠦᠳᠬᠦ ᠰᠤᠳᠤᠯᠭᠠᠨ ᠤ | ᠬᠦᠷᠢᠶᠡᠯᠡᠩ ᠤᠨ ᠳᠡᠮᠵᠢᠬᠦ ᠪᠠᠯᠠ ᠮᠥᠩᠭᠦ ᠶᠢᠨ ᠲᠤᠭᠠ ᠵᠢᠴᠢ ᠬᠡᠷᠡᠭᠯᠡᠬᠦ ᠴᠢᠭᠯᠡᠯ᠄ ᠰᠤᠳᠤᠯᠭᠠᠨ ᠤ ᠬᠦᠷᠢᠶᠡᠯᠡᠩ ᠤᠨ | ᠰᠤᠳᠤᠯᠤᠨ ᠨᠡᠭᠡᠭᠡᠬᠦ ᠠᠵᠢᠯ ᠤᠨ ᠲᠠᠯᠠᠪᠤᠷ ᠭᠠᠵᠠᠷ ᠬᠢᠭᠡᠳ ᠬᠠᠮᠲᠤᠷᠠᠯᠴᠠᠬᠤ ᠬᠤᠭᠤᠴᠠᠭᠠᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠤᠨ ᠲᠤᠭᠠ ᠶᠢ ︽ᠨᠢᠭᠡ ᠬᠡᠷᠡᠭ ᠢ ᠨᠢᠭᠡ ᠵᠥᠪᠯᠡᠬᠦ︾ | ᠠᠷᠭᠠ ᠮᠠᠶ᠋ᠢᠭ ᠢᠶᠠᠷ ᠲᠣᠭᠲᠠᠭᠠᠨᠠ᠃ ᠬᠠᠮᠲᠤᠷᠠᠯᠴᠠᠬᠤ ᠬᠤᠭᠤᠴᠠᠭᠠᠨ ᠳᠤ ᠰᠤᠳᠤᠯᠤᠨ ᠨᠡᠭᠡᠭᠡᠬᠦ ᠲᠠᠯᠠᠪᠤᠷ ᠭᠠᠵᠠᠷ ᠪᠠ | ᠠᠵᠤ ᠠᠬᠤᠶᠢᠯᠠᠯ ᠤᠨ ᠠᠵᠢᠯᠯᠠᠬᠤ ᠲᠠᠯᠠᠪᠤᠷ ᠭᠠᠵᠠᠷ ᠢ ᠰᠦᠢᠳᠬᠡᠯ ᠬᠤᠷᠢᠶᠠᠬᠤ ᠥᠬᠡᠶ ᠪᠠᠷ ᠬᠠᠩᠭᠠᠵᠤ᠂ ᠵᠢᠯ ᠪᠦᠷᠢ | ᠬᠠᠮᠤᠭ ᠥᠨᠳᠥᠷ ᠲᠡᠭᠡᠨ 2000 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ | ᠵᠦᠢᠯ ᠤᠨ ᠲᠡᠳᠬᠦᠨ ᠳᠡᠮᠵᠢᠬᠦ ᠵᠠᠷᠤᠳᠠᠯ ᠣᠯᠭᠤᠨᠠ᠃ | ᠨᠠᠢᠮᠠᠳᠤᠭᠠᠷ ᠵᠦᠢᠯ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠭᠤᠶᠤᠴᠢᠯᠠᠨ ᠮᠡᠳᠡᠭᠦᠯᠬᠦ ᠨᠥᠬᠦᠴᠡᠯ᠄ | ᠣᠷᠣᠨ ᠤ ᠭᠠᠳᠠᠨᠠᠬᠢ ᠴᠢᠳᠠᠪᠤᠷᠢᠲᠠᠨ ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠮᠡᠷᠭᠡᠵᠢᠯ ᠤᠨ ᠰᠢᠨᠡ ᠶᠢ ᠡᠭᠦᠳᠬᠦ ᠲᠥᠪ᠂ ᠪᠡᠶᠡ ᠪᠠᠨ | ᠳᠠᠭᠠᠭᠠᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠬᠡᠯᠪᠡᠷᠢ ᠶᠢᠨ ︽ᠴᠢᠳᠠᠪᠤᠷᠢᠲᠠᠨ ᠤ ᠨᠢᠰᠦᠯᠲᠡ ᠶᠢᠨ ᠭᠠᠵᠠᠷ | ︾ ᠤᠨ ᠪᠡᠶᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠣᠷᠣᠨ ᠤ ᠳᠤᠲᠤᠨᠠ ᠭᠠᠳᠠᠨᠠᠬᠢ ᠠᠵᠤ | ᠠᠬᠤᠶᠢᠯᠠᠯ ᠢ ᠪᠠᠶᠢᠭᠤᠯᠤᠭᠰᠠᠨ ᠪᠠᠶᠢᠬᠤ︔ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠪᠠᠶᠢᠭᠤᠯᠤᠭᠠᠳ | ᠪᠦᠬᠦᠯᠢ 1 ᠵᠢᠯ ᠪᠣᠯᠵᠣ᠂ ᠲᠣᠭᠲᠠᠮᠠᠯ ᠠᠯᠪᠠᠯᠠᠬᠤ ᠲᠠᠯᠠᠪᠤᠷ ᠲᠠᠢ᠂ ᠲᠣᠭᠲᠠᠪᠤᠷᠢᠲᠠᠶ ᠵᠠᠷᠤᠳᠠᠯ ᠤᠨ ᠢᠷᠡᠯᠲᠡ ᠪᠠ | ᠪᠦᠯᠬᠦᠮ ᠨᠡᠶᠢᠲᠡ ᠲᠠᠢ᠂ ᠮᠠᠨ ᠤ ᠬᠤᠲᠠ ᠶᠢᠨ ᠠᠵᠤ ᠦᠢᠯᠡᠰ ᠲᠠᠢ ᠬᠤᠯᠪᠣᠭᠠ ᠲᠠᠢ ᠨᠡᠪᠴᠢᠭᠦᠯᠬᠦ ᠲᠥᠷᠥᠯ ᠵᠦᠢᠯ | ᠪᠠ ᠦᠷᠡ ᠪᠦᠲᠦᠭᠡᠯ ᠲᠠᠢ ᠪᠠᠶᠢᠵᠤ᠂ ᠨᠡᠪᠴᠢᠭᠦᠯᠦᠭᠰᠡᠨ ᠪᠤᠶᠤ ᠰᠤᠳᠤᠯᠤᠨ ᠨᠡᠭᠡᠭᠡᠭᠰᠡᠨ ᠦᠷᠡ ᠪᠦᠲᠦᠭᠡᠯ ᠪᠠ | ᠲᠥᠷᠥᠯ ᠵᠦᠢᠯ ᠢ ᠬᠥᠬᠡᠬᠤᠲᠠ ᠳᠤ ᠤᠯᠠᠷᠢᠭᠤᠯᠤᠭᠰᠠᠨ ᠪᠠᠶᠢᠬᠤ ᠬᠡᠷᠡᠭᠲᠡᠢ᠃ | ᠶᠢᠰᠦᠳᠦᠭᠡᠷ ᠵᠦᠢᠯ ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠳᠡᠮᠵᠢᠬᠦ ᠪᠠᠯᠠ ᠮᠥᠩᠭᠦ ᠶᠢᠨ ᠲᠤᠭᠠ | ᠵᠢᠴᠢ ᠬᠡᠷᠡᠭᠯᠡᠬᠦ ᠴᠢᠭᠯᠡᠯ᠄ ᠬᠥᠬᠡᠬᠤᠲᠠ ᠳᠤ ᠤᠯᠠᠷᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠦᠨᠳᠦᠰᠦᠯᠡᠨ᠂ | ︽ᠴᠢᠳᠠᠪᠤᠷᠢᠲᠠᠨ ᠤ ᠨᠢᠰᠦᠯᠲᠡ ᠶᠢᠨ ᠭᠠᠵᠠᠷ︾ ᠢ ᠪᠠᠶᠢᠭᠤᠯᠬᠤ ᠨᠢᠭᠡᠴᠡ ᠳᠤ 50 — 100 ᠲᠦᠮᠡᠨ | ᠲᠥᠭᠦᠷᠢᠭ ᠤᠨ ᠱᠠᠩᠨᠠᠯ ᠣᠯᠭᠤᠨᠠ᠃ ᠱᠠᠩᠨᠠᠯ ᠤᠨ ᠵᠠᠷᠤᠳᠠᠯ ᠢ ᠪᠠᠶᠢᠭᠤᠯᠤᠭᠰᠠᠨ ᠨᠢᠭᠡᠴᠡ ᠠᠴᠠ ᠪᠡᠶᠡ ᠪᠠᠨ | ᠳᠠᠭᠠᠭᠠᠨ ᠨᠢᠭᠡᠳᠦᠯᠲᠡᠶ ᠲᠥᠯᠥᠪᠯᠡᠵᠦ ᠪᠠᠶᠢᠭᠠᠳ ᠪᠦᠯᠬᠦᠮ ᠨᠡᠶᠢᠲᠡ ᠶᠢᠨ ᠪᠠᠶᠢᠭᠤᠯᠤᠯᠲᠠ᠂ ᠠᠵᠢᠯᠲᠠᠨ ᠢ | ᠤᠷᠮᠠᠰᠢᠭᠤᠯᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠵᠡᠷᠭᠡ ᠲᠠᠯᠠ ᠶᠢᠨ ᠵᠠᠷᠤᠯᠭᠠ ᠳᠤ ᠬᠡᠷᠡᠭᠯᠡᠨᠡ᠃ | ᠬᠥᠬᠡᠬᠤᠲᠠ ᠳᠤ ᠳᠠᠩᠰᠠᠯᠠᠭᠤᠯᠤᠭᠰᠠᠨ ᠪᠠᠶᠢᠭᠤᠯᠬᠤ ᠨᠢᠭᠡᠴᠡ ᠨᠢ ᠮᠠᠨ ᠤ ᠬᠤᠲᠠ ᠳᠤ ᠰᠢᠯᠵᠢᠭᠦᠯᠦᠨ | ᠣᠯᠠᠷᠢᠭᠤᠯᠤᠭᠰᠠᠨ ᠪᠥᠭᠡᠳ ᠵᠢᠯ ᠤᠨ ᠰᠢᠨᠡ ᠪᠠᠷ ᠨᠡᠮᠡᠭᠳᠡᠭᠰᠡᠨ ᠡᠵᠡᠩᠨᠡᠯᠲᠡ ᠶᠢᠨ ᠣᠷᠣᠯᠭᠠ ᠨᠢ 1000 ᠲᠦᠮᠡᠨ | ᠲᠥᠭᠦᠷᠢᠭ ᠲᠤ ᠬᠦᠷᠦᠭᠰᠡᠨ ᠪᠣᠯ᠂ 50 ᠲᠦᠮᠡᠨ ᠲᠥᠭᠦᠷᠢᠭ ᠤᠨ ᠱᠠᠩᠨᠠᠯ ᠣᠯᠭᠤᠨᠠ︔ ᠤᠯᠠᠷᠢᠭᠤᠯᠤᠯᠲᠠ ᠨᠢ | ᠮᠠᠨ ᠤ ᠬᠤᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠤᠯᠤᠰ | ᠤᠨ ᠳᠡᠭᠡᠳᠦ ᠰᠢᠨᠡ ᠮᠡᠷᠭᠡᠵᠢᠯ ᠤᠨ ᠠᠵᠤ ᠠᠬᠤᠶᠢᠯᠠᠯ ᠢ 1 ᠰᠢᠨᠡ ᠪᠠᠷ ᠨᠡᠮᠡᠭᠳᠡᠭᠦᠯᠬᠦ ᠪᠦᠷᠢ ᠳᠠᠬᠢᠨ 10 ᠲᠦᠮᠡᠨ | ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨᠠ᠃ | ᠬᠥᠬᠡᠬᠤᠲᠠ ᠳᠤ ᠳᠠᠩᠰᠠᠯᠠᠭᠤᠯᠤᠭᠰᠠᠨ ᠥᠬᠡᠶ ᠪᠠᠶᠢᠭᠤᠯᠬᠤ ᠨᠢᠭᠡᠴᠡ ᠨᠢ ᠮᠠᠨ ᠤ ᠬᠤᠲᠠ ᠳᠤ ᠰᠢᠨᠡ ᠪᠠᠷ | ᠡᠭᠦᠳᠦᠨ ᠪᠠᠶᠢᠭᠤᠯᠤᠭᠰᠠᠨ 5 ︵ᠪᠠᠭᠲᠠᠨᠠ︶ ᠠᠴᠠ ᠳᠡᠭᠡᠭᠰᠢᠬᠢ ᠠᠵᠤ ᠠᠬᠤᠶᠢᠯᠠᠯ ᠤᠨ ᠤᠯᠠᠷᠢᠭᠤᠯᠤᠯᠲᠠ ᠶᠢ | ᠠᠬᠢᠭᠤᠯᠤᠭᠰᠠᠨ ᠮᠥᠷᠲᠡᠭᠡᠨ ᠤᠯᠠᠷᠢᠭᠤᠯᠤᠭᠰᠠᠨ ᠠᠵᠤ ᠠᠬᠤᠶᠢᠯᠠᠯ ᠤᠨ ᠵᠢᠯ ᠤᠨ ᠰᠢᠨᠡ ᠪᠠᠷ ᠨᠡᠮᠡᠭᠳᠡᠭᠰᠡᠨ | ᠡᠵᠡᠩᠨᠡᠯᠲᠡ ᠶᠢᠨ ᠣᠷᠣᠯᠭᠠ ᠨᠢ 1000 ᠲᠦᠮᠡᠨ ᠲᠥᠭᠦᠷᠢᠭ ᠲᠤ ᠬᠦᠷᠦᠭᠰᠡᠨ ᠪᠣᠯ᠂ 50 ᠲᠦᠮᠡᠨ | ᠲᠥᠭᠦᠷᠢᠭ ᠤᠨ ᠱᠠᠩᠨᠠᠯ ᠣᠯᠭᠤᠨᠠ︔ ᠤᠯᠠᠷᠢᠭᠤᠯᠤᠯᠲᠠ ᠨᠢ ᠮᠠᠨ ᠤ ᠬᠤᠲᠠ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠤᠯᠤᠰ ᠤᠨ ᠳᠡᠭᠡᠳᠦ ᠰᠢᠨᠡ ᠮᠡᠷᠭᠡᠵᠢᠯ ᠤᠨ ᠠᠵᠤ | ᠠᠬᠤᠶᠢᠯᠠᠯ ᠢ 1 ᠰᠢᠨᠡ ᠪᠠᠷ ᠨᠡᠮᠡᠭᠳᠡᠭᠦᠯᠬᠦ ᠪᠦᠷᠢ ᠳᠤ ᠳᠠᠬᠢᠨ 10 ᠲᠦᠮᠡᠨ ᠲᠥᠭᠦᠷᠢᠭ᠂ 20 ᠲᠦᠮᠡᠨ | ᠲᠥᠭᠦᠷᠢᠭ ᠤᠨ ᠱᠠᠩᠨᠠᠯ ᠣᠯᠭᠤᠨᠠ᠃ | ᠬᠤᠳᠠ ᠶᠢᠨ ᠵᠠᠰᠠᠭ ᠤᠨ ᠣᠷᠳᠣᠨ ᠠᠴᠠ ᠪᠡᠯᠡ ᠭᠠᠷᠭᠠᠵᠤ ᠪᠠᠶᠢᠭᠤᠯᠤᠭᠰᠠᠨ ︽ᠴᠢᠳᠠᠪᠤᠷᠢᠲᠠᠨ ᠤ ᠨᠢᠰᠦᠯᠲᠡ | ᠶᠢᠨ ᠭᠠᠵᠠᠷ︾ ᠲᠤ ᠬᠤᠳᠠ ᠶᠢᠨ ᠡᠳ᠋ ᠤᠨ ᠵᠠᠰᠠᠭ ᠠᠴᠠ ᠪᠣᠳᠠᠲᠠᠶ ᠣᠷᠣᠭᠤᠯᠤᠯᠲᠠ ᠶᠢ ᠨᠢ ᠦᠨᠳᠦᠰᠦᠯᠡᠨ ᠪᠡᠯᠡ | ᠮᠥᠩᠭᠦᠨ ᠤ ᠲᠥᠰᠦᠪ ᠤᠨ ᠲᠤᠭᠢᠷᠡᠭᠤᠯᠤᠯᠳᠡ ᠬᠢᠨᠠ᠃ | ᠠᠷᠪᠠᠳᠤᠭᠠᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠴᠦ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠢ ᠰᠢᠯᠭᠠᠷᠠᠭᠤᠯᠬᠤ ᠪᠠᠷ ᠭᠤᠶᠤᠴᠢᠯᠠᠬᠤ ᠨᠥᠬᠦᠴᠡᠯ᠄ ᠴᠢᠳᠠᠪᠤᠷᠢᠲᠠᠨ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡ ᠶᠢ ᠡᠭᠦᠳᠬᠦ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ᠪᠠᠭᠲᠠᠨᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠬᠦ ᠴᠢᠳᠠᠪᠤᠷᠢᠲᠠᠨ | ᠤᠢᠢᠷᠠ ᠶᠢᠨ ᠭᠤᠷᠪᠠᠨ ᠵᠢᠯ ᠳᠤ ᠵᠣᠬᠢᠬᠤ ᠬᠡᠮᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ | ᠣᠯᠪᠠᠯ ᠵᠣᠬᠢᠨᠠ᠂ ᠲᠡᠭᠦᠨ ᠤ ᠦᠷᠡ ᠪᠦᠲᠦᠭᠡᠯ ᠨᠢ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠳᠤ | ᠢᠳᠡᠪᠬᠢᠲᠡᠶ ᠠᠬᠢᠭᠤᠯᠬᠤ ᠦᠢᠯᠡᠳᠦᠯ ᠲᠠᠢ︔ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ᠨᠢ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠣᠲᠣᠷᠠᠬᠢ ᠪᠠᠶᠢᠭᠠᠯᠢ ᠬᠥᠮᠦᠨ ᠬᠤᠪᠢ | ᠣᠷᠣᠭᠤᠯᠤᠭᠴᠢ ᠪᠠᠶᠢᠬᠤ ᠬᠡᠷᠡᠭᠲᠡᠶ᠂ ᠲᠡᠳᠡᠨ ᠤ ᠠᠳᠠᠯ ᠦᠢᠯᠡᠰ ᠴᠣᠭᠴᠠᠯᠠᠬᠤ ᠨᠢ ᠵᠣᠬᠢᠬᠤ ᠦᠷᠡ ᠪᠦᠲᠦᠮᠵᠢ ᠲᠠᠢ | ᠪᠠᠶᠢᠵᠤ᠂ ᠴᠢᠳᠠᠪᠤᠷᠢᠲᠠᠨ ᠤ ᠬᠠᠷᠢᠶᠠ ᠠᠵᠤ ᠠᠬᠤᠶᠢᠯᠠᠯ ᠨᠢ ᠡᠷᠬᠡᠪᠰᠢ ᠨᠢᠭᠡ ᠵᠢᠯ ᠠᠴᠠ ᠳᠡᠭᠡᠭᠰᠢ ᠪᠠᠶᠢᠭᠤᠯᠤᠭᠳᠠᠨ᠂ | ᠪᠡᠶᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠳᠠᠩᠰᠠᠯᠠᠭᠤᠯᠬᠤ᠂ ᠭᠠᠶᠢᠯᠢ | ᠲᠤᠰᠢᠶᠠᠬᠤ᠂ ᠪᠦᠷᠢᠳᠬᠡᠬᠦ ᠭᠠᠵᠠᠷ ᠨᠢ ᠴᠥᠮ ᠬᠥᠬᠡᠬᠤᠲᠠ ᠳᠤ ᠪᠠᠶᠢᠵᠤ᠂ ᠵᠢᠯ ᠤᠨ ᠪᠣᠳᠠᠲᠠᠶ ᠲᠤᠰᠢᠶᠠᠭᠰᠠᠨ ᠭᠠᠶᠢᠯᠢ | ᠲᠠᠲᠠᠪᠤᠷᠢ ᠨᠢ ᠳᠤᠮᠳᠠᠴᠢ ᠪᠠᠷ 50 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ ᠠᠵᠤ ᠠᠬᠤᠶ ᠨᠡᠶᠢᠭᠡᠮ ᠤᠨ | ᠦᠷᠡ ᠠᠰᠢᠭ ᠢᠶᠠᠷ ᠰᠠᠶᠢᠨ ᠪᠠᠶᠢᠬᠤ ᠬᠡᠷᠡᠭᠲᠡᠶ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ | ᠶᠢ ᠰᠢᠯᠭᠠᠷᠠᠭᠤᠯᠬᠤ ᠭᠤᠶᠤᠴᠢᠯᠠᠨ ᠮᠡᠳᠡᠭᠦᠯᠬᠦ ᠨᠥᠬᠦᠴᠡᠯ᠄ ᠪᠦᠯᠬᠦᠮ ᠨᠡᠶᠢᠲᠡ ᠳᠤ 1 ᠪᠦᠯᠬᠦᠮ ᠨᠡᠶᠢᠲᠡ ᠶᠢᠨ | ᠳᠠᠭᠠᠭᠤᠯᠤᠭᠴᠢ ᠪᠠ ᠨᠠᠭᠠᠳᠤ ᠵᠠᠬᠠ ᠳᠠᠭᠠᠨ 3 ᠨᠡᠷᠡᠰ ᠪᠦᠯᠬᠦᠮ ᠨᠡᠶᠢᠲᠡ ᠶᠢᠨ ᠭᠤᠤᠯᠯᠠᠭᠴᠢ ᠭᠡᠰᠢᠭᠦᠨ ᠢ | ᠪᠠᠭᠲᠠᠭᠠᠨᠠ᠃ ᠪᠦᠯᠬᠦᠮ ᠨᠡᠶᠢᠲᠡ ᠶᠢᠨ ᠭᠡᠰᠢᠭᠦᠨ ᠤ ᠲᠤᠰᠬᠠᠶ ᠮᠡᠷᠭᠡᠵᠢᠯ ᠤᠨ ᠪᠦᠲᠦᠴᠡ ᠨᠢ ᠵᠦᠶ ᠵᠣᠬᠢᠰᠲᠠᠶ | ᠪᠠᠶᠢᠵᠤ᠂ ᠮᠡᠷᠭᠡᠵᠢᠯ᠂ ᠬᠡᠷᠡᠭᠯᠡᠭᠡ᠂ ᠢᠨᠵᠧᠨᠧᠷᠢᠩᠵᠢᠭᠦᠯᠬᠦ ᠵᠡᠷᠭᠡ ᠡᠯᠡ ᠭᠤᠭᠴᠤᠭᠠ ᠳᠤ ᠬᠤᠯᠪᠤᠭᠠ ᠲᠠᠢ᠂ ᠠᠵᠤ | ᠠᠬᠤᠶᠢᠯᠠᠯ ᠤᠨ ᠪᠣᠳᠠᠲᠠᠶ ᠰᠢᠨᠡ ᠶᠢ ᠡᠭᠦᠳᠬᠦ ᠬᠠᠷᠠᠯᠲᠠ ᠳᠤ ᠬᠥᠷᠬᠦ ᠮᠡᠷᠭᠡᠵᠢᠯ ᠤᠨ ᠴᠢᠳᠠᠪᠤᠷᠢ ᠲᠠᠢ ᠪᠠᠶᠢᠵᠤ᠂ | ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯ ᠤᠨ ᠠᠮᠵᠢᠯᠲᠠ ᠪᠦᠲᠦᠮᠵᠢ ᠶᠢ ᠭᠤᠤᠯᠳᠠᠭᠤ ᠪᠦᠯᠬᠦᠮ | ᠨᠡᠶᠢᠲᠡ ᠠᠴᠠ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠴᠢᠳᠠᠪᠤᠷᠢᠲᠠᠨ ︵ᠪᠦᠯᠬᠦᠮ ᠨᠡᠶᠢᠲᠡ︶ ᠢ ᠰᠢᠯᠭᠠᠷᠠᠭᠤᠯᠬᠤ ᠳᠡᠮᠵᠢᠯᠭᠡ ᠶᠢᠨ ᠪᠠᠯᠠ ᠮᠥᠩᠭᠦ ᠶᠢᠨ ᠲᠤᠭᠠ | ᠵᠢᠴᠢ ᠬᠡᠷᠡᠭᠯᠡᠬᠦ ᠴᠢᠭᠯᠡᠯ᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠴᠢᠳᠠᠪᠤᠷᠢᠲᠠᠨ ︵ᠪᠦᠯᠬᠦᠮ ᠨᠡᠶᠢᠲᠡ︶ ᠤ ᠬᠡᠷᠡᠭᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ ᠪᠠ ᠡᠵᠡᠩᠨᠡᠯᠲᠡ ᠶᠢᠨ ᠠᠮᠵᠢᠯᠲᠠ ᠪᠦᠲᠦᠮᠵᠢ ᠶᠢ | ᠶᠡᠷᠦᠩᠬᠡᠶᠢᠯᠡᠨ ᠦᠨᠡᠯᠡᠭᠰᠡᠨ ᠦᠷᠡ ᠳ᠋ᠦᠩ ᠢ ᠦᠨᠳᠦᠰᠦᠯᠡᠨ᠂ ᠰᠣᠩᠭᠤᠭᠳᠠᠭᠰᠠᠨ ᠴᠢᠳᠠᠪᠤᠷᠢᠲᠠᠨ ᠤ ᠬᠤᠪᠢ | ᠬᠥᠮᠦᠨ ᠳᠤ ᠬᠥᠮᠦᠨ ᠪᠦᠷᠢ ᠳᠤ 10 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠰᠣᠩᠭᠤᠭᠳᠠᠭᠰᠠᠨ ᠪᠦᠯᠬᠦᠮ | ᠨᠡᠶᠢᠲᠡ ᠨᠢᠭᠡᠪᠦᠷᠢ ᠳᠤ 20 ᠲᠦᠮᠡᠨ ᠲᠥᠭᠦᠷᠢᠭ ᠤᠨ ᠱᠠᠩᠨᠠᠯ ᠣᠯᠭᠤᠨᠠ᠃ ᠱᠠᠩᠨᠠᠯ ᠤᠨ ᠵᠠᠷᠤᠳᠠᠯ ᠢ ᠠᠵᠢᠯᠲᠠᠨ ᠢ | ᠤᠷᠮᠠᠰᠢᠭᠤᠯᠬᠤ᠂ ᠪᠦᠯᠬᠦᠮ ᠨᠡᠶᠢᠲᠡ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠵᠡᠷᠭᠡ | ᠲᠠᠯᠠ ᠶᠢᠨ ᠵᠠᠷᠤᠯᠭᠠ ᠳᠤ ᠬᠡᠷᠡᠭᠯᠡᠨᠡ᠃ | ᠠᠷᠪᠠᠨ ᠬᠤᠶᠠᠳᠤᠭᠠᠷ ᠵᠦᠢᠯ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ ᠠᠴᠠ ᠲᠣᠰ | ᠨᠠᠷᠢᠨ ᠲᠦᠷᠢᠮ ᠳᠤ ᠬᠤᠯᠪᠣᠭᠳᠠᠭᠰᠠᠨ ᠡᠯᠡ ᠲᠥᠷᠥᠯ ᠤᠨ ᠲᠥᠷᠥᠯ ᠵᠦᠢᠯ ᠢ ᠮᠡᠳᠡᠭᠦᠯᠬᠦ ᠵᠦᠭᠯᠡᠭᠦᠷ ᠢ ᠬᠠᠷᠢᠭᠤᠴᠠᠨ | ᠨᠡᠶᠢᠲᠡᠯᠡᠵᠦ᠂ ᠲᠥᠷᠥᠯ ᠵᠦᠢᠯ ᠢ ᠮᠡᠳᠡᠭᠦᠯᠬᠦ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠲᠣᠭᠲᠠᠭᠠᠬᠤ᠂ | ᠳᠠᠩᠰᠠᠯᠠᠬᠤ᠂ ᠪᠠᠶᠢᠴᠠᠭᠠᠬᠤ᠂ ᠰᠢᠯᠭᠠᠨ ᠠᠪᠬᠤ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠶᠠᠪᠤᠴᠠ ᠶᠢᠨ | ᠬᠠᠮᠢᠶᠠᠷᠤᠯᠲᠠ ᠶᠢ ᠵᠣᠬᠢᠶᠠᠨ ᠪᠠᠶᠢᠭᠤᠯᠤᠨᠠ᠃ ᠬᠤᠲᠠ ᠶᠢᠨ ᠡᠳ᠋ ᠤᠨ ᠵᠠᠰᠠᠭ ᠤᠨ ᠲᠣᠪᠴᠢᠶᠠ ᠨᠢ ᠲᠣᠰ ᠨᠠᠷᠢᠨ | ᠲᠦᠷᠢᠮ ᠳᠤ ᠬᠤᠯᠪᠣᠭᠳᠠᠬᠤ ᠴᠢᠳᠠᠪᠤᠷᠢᠲᠠᠨ ᠤ ᠲᠥᠷᠥ ᠶᠢᠨ ᠪᠣᠳᠣᠯᠭᠠ ᠶᠢᠨ ᠲᠤᠰᠬᠠᠶ ᠪᠠᠯᠠ ᠮᠥᠩᠭᠦ ᠶᠢ ᠣᠨ ᠤ | ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ ᠪᠠᠯᠠ ᠮᠥᠩᠭᠦ ᠪᠠᠭᠤᠯᠭᠠᠬᠤ ᠪᠠ | ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠨᠡ᠃ | ᠠᠷᠪᠠᠨ ᠭᠤᠷᠪᠠᠳᠤᠭᠠᠷ ᠵᠦᠢᠯ ᠭᠤᠶᠤᠴᠢᠯᠠᠨ ᠮᠡᠳᠡᠭᠦᠯᠬᠦ ᠡᠯᠡ ᠨᠢᠭᠡᠴᠡ ᠨᠦᠭᠦᠳ ᠭᠤᠶᠤᠴᠢᠯᠠᠨ ᠮᠡᠳᠡᠭᠦᠯᠬᠦ | ᠪᠤᠶᠤ ᠬᠢᠨᠠᠨ ᠲᠣᠭᠲᠠᠭᠠᠬᠤ ᠵᠡᠷᠭᠡ ᠡᠯᠡ ᠭᠤᠭᠴᠤᠭᠠ ᠶᠢᠨ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ | ᠴᠢᠨᠠᠷ ᠲᠤ ᠬᠠᠷᠢᠭᠤᠴᠠᠵᠤ᠂ ᠬᠤᠳᠠᠯ ᠬᠠᠭᠤᠷᠮᠠᠭ ᠵᠥᠪᠯᠡᠯᠴᠡᠭᠡᠷ ᠲᠣᠭᠲᠠᠬᠤ᠂ ᠠᠵᠢᠯ ᠤᠨ ᠠᠮᠵᠢᠯᠲᠠ ᠪᠦᠲᠦᠮᠵᠢ ᠪᠠᠨ | ᠬᠤᠳᠠᠯ ᠢᠶᠠᠷ ᠮᠡᠳᠡᠭᠦᠯᠬᠦ ᠵᠡᠷᠭᠡ ᠠᠷᠭᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢᠲᠠᠨ ᠲᠠᠲᠠᠬᠤ ᠬᠠᠷᠠᠭᠠᠯᠵᠠᠯ ᠤᠨ | ᠲᠥᠷᠥ ᠶᠢᠨ ᠪᠣᠳᠣᠯᠭᠠ ᠶᠢ ᠮᠡᠬᠡᠯᠡᠨ ᠤᠯᠬᠤ ᠶᠢ ᠴᠢᠩᠭᠠ ᠴᠠᠭᠠᠵᠠᠯᠠᠵᠤ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠭᠰᠠᠨ ᠬᠤᠪᠢ ᠬᠥᠮᠦᠨ ᠪᠠ ᠨᠢᠭᠡᠴᠡ ᠶᠢ ᠪᠠᠶᠢᠴᠠᠭᠠᠨ ᠳᠣᠲᠣᠯᠠᠭᠰᠠᠨ ᠤ ᠳᠠᠷᠠᠭᠠ᠂ ᠬᠠᠤᠯᠢ ᠶᠣᠰᠣᠭᠠᠷ ᠬᠤᠪᠢ | ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠨᠢᠭᠡᠨᠲᠡ ᠭᠥᠷᠳᠡᠭᠰᠡᠨ ᠨᠥᠬᠦᠪᠥᠷᠢ | ᠪᠤᠶᠤ ᠱᠠᠩᠨᠠᠯ ᠤᠨ ᠪᠠᠯᠠ ᠮᠥᠩᠭᠦ ᠶᠢ ᠬᠠᠤᠯᠢ ᠶᠣᠰᠣᠭᠠᠷ ᠨᠡᠬᠡᠮᠵᠢᠯᠡᠨ ᠲᠤᠰᠢᠶᠠᠯᠭᠠᠨᠠ︔ ᠬᠠᠤᠯᠢ ᠶᠢ ᠵᠥᠷᠢᠴᠡᠭᠰᠡᠨ | ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭᠠ ᠳᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨᠡ᠃ | | ᠠᠷᠪᠠᠨ ᠳᠥᠷᠪᠡᠳᠦᠭᠡᠷ ᠵᠦᠢᠯ ᠲᠣᠰ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ | 30 ᠡᠳᠦᠷ ᠤᠨ ᠳᠠᠷᠠᠭᠠ ᠠᠴᠠ ᠬᠡᠷᠡᠭᠵᠢᠭᠦᠯᠵᠦ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠ ᠠᠴᠠ ᠬᠠᠷᠢᠭᠤᠴᠠᠨ ᠲᠠᠶᠢᠯᠪᠤᠷᠢᠯᠠᠨᠠ᠃ | | |