ᠬᠥᠬᠡᠬᠤᠲᠠ ᠵᠠᠰᠠᠭ ᠲᠠᠷᠬᠠᠭᠠᠭᠰᠠᠨ ﹇2022﹈ 25 ᠳ᠋ᠤᠭᠠᠷ ᠲᠣᠭᠠᠲᠤ | 2022 ᠣᠨ ᠤ 5 ᠳ᠋ᠤᠭᠠᠷ ᠰᠠᠷᠠ ᠶᠢᠨ 19 ᠤ ᠡᠳᠦᠷ | | ᠡᠯᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯᠡ ᠨᠡᠭᠡᠭᠡᠯᠲᠡ ᠶᠢᠨ ᠲᠣᠭᠤᠷᠢᠭ | ︵ᠬᠤᠷᠢᠨᠭᠡᠷ ᠰᠢᠨᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ︶ ᠤᠨ ᠬᠠᠮᠢᠶᠠᠷᠤᠯᠲᠠ ᠶᠢᠨ | ᠵᠥᠪᠯᠡᠯ᠂ ᠬᠤᠲᠠ ᠶᠢᠨ ᠡᠯᠡ ᠬᠤᠯᠪᠣᠭᠳᠠᠯ ᠪᠦᠬᠦᠢ ᠰᠠᠯᠠᠭᠠ ᠮᠥᠴᠢᠷ ᠲᠤ᠄ | ︽ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭᠠ ᠶᠢᠨ ᠨᠠᠷᠢᠨ ᠬᠠᠭᠤᠳᠠᠰᠤ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯᠠ᠂ | ᠪᠣᠳᠠᠲᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭᠠ ᠶᠢᠨ ᠨᠠᠷᠢᠨ ᠬᠠᠭᠤᠳᠠᠰᠤ | | ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ | ᠬᠤᠷᠠᠯ ᠤᠨ ᠵᠣᠷᠢᠭ ᠰᠠᠨᠠᠭᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠰᠢᠨᠡ ᠨᠡᠮᠡᠭᠳᠡᠯ ᠤᠨ ᠴᠡᠭ ᠢ | ᠪᠣᠶᠢᠵᠢᠭᠤᠯᠵᠤ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠮᠡᠲᠦ ᠲᠥᠷᠥ ᠶᠢᠨ | ᠪᠣᠳᠣᠯᠭᠠ ᠶᠢᠨ ᠨᠠᠷᠢᠨ ᠬᠠᠭᠤᠳᠠᠰᠤ ᠶᠢ ᠳᠤᠷᠠᠳᠪᠠ᠃ | ᠨᠢᠭᠡ᠂ ᠤᠳᠤ ᠦᠶᠡ ᠶᠢᠨ ᠪᠠᠷᠠᠭᠠᠨ ᠤ ᠭᠦᠢᠯᠭᠡᠭᠡᠨ ᠤ ᠦᠢᠯᠡᠰ | ︵ᠨᠢᠭᠡ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠡᠵᠡᠩᠨᠡᠯᠲᠡ ᠶᠢᠨ ᠦᠢᠯᠡᠴᠢᠯᠡᠭᠡᠨ ᠤ ᠺᠣᠮᠫᠠᠨᠢ ᠶᠢ | ᠬᠥᠬᠡᠬᠤᠲᠠ ᠳᠤ ᠬᠠᠤᠯᠢ ᠶᠣᠰᠣᠭᠠᠷ ᠣᠷᠣᠭᠤᠯᠤᠨ ᠠᠪᠴᠢᠷᠠᠭᠰᠠᠨ ᠤ ᠳᠠᠷᠠᠭᠠ᠂ ᠠᠵᠢᠯᠯᠠᠬᠤ ᠣᠷᠣᠨ ᠵᠠᠢ ᠶᠢᠨ | ᠲᠦᠷᠢᠶᠡᠰᠦᠨ ᠨᠥᠬᠦᠪᠦᠷᠢ ᠣᠯᠭᠤᠨᠠ᠂ ᠨᠥᠬᠦᠪᠦᠷᠢ ᠥᠭᠬᠦ ᠬᠤᠭᠤᠴᠠᠭᠠ ᠨᠢ ᠲᠠᠪᠤᠨ ᠵᠢᠯ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ᠂ ᠡᠯᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨᠠ︶ | ︵ᠬᠤᠶᠠᠷ︶ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠣᠭᠠᠴᠢᠯᠠᠭᠰᠠᠨ ᠠᠵᠤ ᠦᠢᠯᠡᠰ ᠤᠨ | ᠬᠦᠷᠢᠶᠡᠯᠡᠩ ᠤᠨ ᠡᠵᠡᠩᠨᠡᠯᠲᠡ ᠶᠢᠨ ᠦᠢᠯᠡᠴᠢᠯᠡᠭᠡᠨ ᠤ ᠺᠣᠮᠫᠠᠨᠢ ᠶᠢᠨ ᠬᠤᠶᠠᠷ ᠰᠠᠷᠠ ᠶᠢᠨ ᠭᠠᠶᠢᠯᠢ ᠲᠤᠰᠢᠶᠠᠭᠰᠠᠨ | ᠲᠤᠭᠠ ︵ᠠᠵᠤ ᠠᠬᠤᠶᠢᠯᠠᠯ ᠵᠢᠴᠢ ᠭᠡᠰᠢᠭᠦᠳ ᠠᠴᠠ ᠣᠷᠣᠯᠠᠨ ᠲᠠᠲᠠᠪᠤᠷᠢᠯᠠᠵᠤ ᠭᠡᠰᠢᠭᠦᠳ ᠲᠤ ᠣᠷᠣᠯᠠᠨ | ᠲᠤᠰᠢᠶᠠᠵᠤ ᠭᠡᠰᠢᠭᠦᠳ ᠠᠴᠠ ᠣᠷᠣᠯᠠᠨ ᠰᠠᠭᠤᠯᠭᠠᠨ ᠠᠪᠤᠭᠰᠠᠨ ᠡᠯᠡ ᠵᠦᠢᠯ ᠤᠨ ᠭᠠᠶᠢᠯᠢ ᠶᠢᠨ ᠮᠥᠩᠭᠦ ᠵᠢᠴᠢ | ᠨᠡᠮᠡᠯᠲᠡ ᠶᠢ ᠪᠠᠭᠲᠠᠭᠠᠨᠠ︶ ᠨᠢ 20 ᠲᠦᠮᠡᠨ ᠲᠥᠭᠦᠷᠢᠭ ᠠᠴᠠ ᠳᠡᠭᠡᠭᠰᠢᠬᠢ ᠰᠦᠯᠵᠢᠶᠡᠨ ᠤ ᠪᠠᠷᠠᠭᠠᠨ ᠤ | ᠲᠡᠭᠡᠭᠡᠪᠦᠷᠢ ᠶᠢᠨ ᠠᠵᠤ ᠠᠬᠤᠶᠢᠯᠠᠯ ᠳᠤ ᠡᠵᠡᠩᠨᠡᠯᠲᠡ ᠶᠢᠨ ᠬᠤᠪᠢ ᠨᠡᠮᠡᠷᠢ ᠶᠢᠨ ᠱᠠᠩᠨᠠᠯ ᠣᠯᠭᠤᠵᠤ᠂ ᠱᠠᠩᠨᠠᠯ ᠤᠨ | ᠮᠦᠩᠭᠦ ᠶᠢᠨ ᠲᠤᠭᠠ ᠨᠢ ᠲᠤᠬᠠᠢ ᠶᠢᠨ ᠭᠠᠵᠠᠷ ᠣᠷᠣᠨ ᠤ ᠠᠵᠤ ᠠᠬᠤᠢ ᠳᠤ ᠦᠵᠡᠭᠦᠯᠦᠭᠰᠡᠨ ᠬᠤᠪᠢ ᠨᠡᠮᠡᠷᠢ ᠶᠢᠨ | ᠬᠤᠲᠠ᠂ ᠰᠢᠶᠠᠨ ︵ᠬᠤᠰᠢᠭᠤ ᠲᠣᠭᠤᠷᠢᠭ︶ ᠤ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ | ᠬᠡᠰᠡᠭ ᠤᠨ 90% ᠬᠤᠪᠢ︔ 30 ᠠᠴᠠ ᠣᠯᠠᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ | ᠠᠬᠤᠶᠢᠯᠠᠯ ᠣᠷᠣᠵᠤ ᠨᠤᠲᠤᠭᠰᠢᠭᠰᠠᠨ ᠲᠥᠷᠥᠯ ᠵᠦᠢᠯ ᠤᠨ ᠺᠣᠮᠫᠠᠨᠢ ᠳᠤ ᠲᠤᠬᠠᠢ ᠶᠢᠨ ᠭᠠᠵᠠᠷ ᠤᠨ ᠠᠵᠤ | ᠠᠬᠤᠢ ᠶᠢᠨ ᠬᠤᠪᠢ ᠨᠡᠮᠡᠷᠢ ᠶᠢᠨ ᠬᠤᠶᠠᠷ ᠱᠠᠲᠤᠨ ᠤ ᠬᠤᠪᠢᠳᠠᠨ ᠦᠯᠡᠳᠡᠭᠡᠬᠦ ᠨᠡᠮᠡᠭᠳᠡᠯ ᠤᠨ ᠬᠡᠰᠡᠭ ᠤᠨ 10% ᠪᠠᠷ | ᠨᠡᠶᠢᠳᠬᠡᠭᠰᠡᠨ ᠡᠵᠡᠩᠨᠡᠯᠲᠡ ᠶᠢᠨ ᠱᠠᠩᠨᠠᠯ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ | ᠬᠠᠷᠢᠯᠴᠠᠭᠠᠨ ᠤ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ᠂ ᠡᠯᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠷᠪᠠ︶ ᠬᠡᠯᠬᠢᠶᠡ ᠲᠦᠲᠡ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠰᠢᠰᠲ᠋ᠧᠮᠵᠢ ᠪᠠᠶᠢᠭᠤᠯᠬᠤ ᠶᠢ ᠳᠡᠮᠵᠢᠨᠡ᠃ ᠮᠠᠨ ᠤ ᠬᠤᠲᠠ ᠳᠤ ᠪᠠᠶᠢᠭᠠ ᠳᠡᠯᠭᠡᠭᠦᠷ ᠤᠨ ᠲᠤᠭᠠ ᠨᠢ 30 ᠶᠢ | ᠳᠠᠪᠠᠭᠰᠠᠨ ᠬᠡᠯᠬᠢᠶᠡ ᠲᠥᠳᠡ ᠠᠵᠤ ᠠᠬᠤᠶᠢᠯᠠᠯ 5000 ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠲᠠᠯᠠᠪᠠᠢ | ᠲᠠᠢ ᠲᠣᠬᠢᠷᠠᠭᠤᠯᠤᠨ ᠬᠦᠷᠭᠡᠬᠦ ᠲᠥᠪ ︵ᠭᠠᠵᠠᠷ ᠬᠤᠳᠠᠯᠳᠤᠨ ᠠᠪᠴᠤ ᠪᠦᠲᠦᠭᠡᠨ ᠪᠠᠶᠢᠭᠤᠯᠤᠨ ᠥᠭᠡᠷᠡᠴᠢᠯᠡᠬᠦ ᠪᠠ | ᠬᠥᠮᠥᠷᠭᠡ ᠲᠦᠷᠢᠶᠡᠰᠦᠯᠡᠨ ᠪᠦᠲᠦᠭᠡᠨ ᠪᠠᠶᠢᠭᠤᠯᠤᠨ ᠥᠭᠡᠷᠡᠴᠢᠯᠡᠬᠦ ᠪᠠᠭᠲᠠᠨᠠ︶ ᠢ ᠰᠢᠨᠡ ᠪᠠᠷ ᠪᠠᠶᠢᠭᠤᠯᠬᠤ ᠪᠤᠶᠤ | ᠥᠭᠡᠷᠡᠴᠢᠯᠡᠨ ᠰᠠᠶᠢᠵᠢᠷᠠᠭᠤᠯᠤᠭᠰᠠᠨ ᠳᠤ᠂ ᠵᠠᠰᠠᠵᠤ ᠴᠢᠮᠡᠬᠦ ᠪᠠ ᠬᠠᠲᠠᠭᠤ ᠲᠣᠨᠤᠭ ᠲᠥᠬᠦᠭᠡᠷᠦᠮᠵᠢ ᠬᠤᠳᠠᠯᠳᠤᠨ | ᠠᠪᠬᠤ ᠶᠢ ᠳᠡᠮᠵᠢᠵᠦ᠂ ᠣᠨ ᠤ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭᠠ ᠶᠢᠨ 20% ᠪᠠᠷ | ᠨᠥᠬᠦᠪᠦᠷᠢ ᠥᠭᠴᠦ᠂ ᠭᠠᠭᠴᠠ ᠬᠡᠯᠬᠢᠶᠡ ᠲᠥᠳᠡ ᠠᠵᠤ ᠠᠬᠤᠶᠢᠯᠠᠯ ᠤᠨ ᠵᠢᠯ ᠪᠦᠷᠢ ᠶᠢᠨ ᠲᠣᠰ ᠵᠦᠢᠯ ᠤᠨ | ᠨᠥᠬᠦᠪᠦᠷᠢ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ ᠬᠡᠳᠦᠷᠡᠭᠦᠯᠬᠦ ᠦᠭᠡᠢ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠳᠥᠷᠪᠡ︶ ᠲᠥᠪ ᠠᠴᠠ ᠪᠠᠭᠤᠯᠭᠠᠭᠰᠠᠨ ᠥᠪᠡᠷᠲᠡᠭᠡᠨ ᠵᠠᠰᠠᠬᠤ ᠣᠷᠣᠨ ᠤ ᠲᠦᠷᠢᠶᠡᠰᠦᠨ ᠮᠠᠰᠢᠨ ᠲᠡᠷᠭᠡ᠂ | ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠲᠣᠰᠣᠨ ᠤ ᠦᠨᠡ ᠶᠢᠨ | ᠨᠥᠬᠦᠪᠦᠷᠢ ᠶᠢᠨ ᠪᠡᠯᠡ ᠮᠥᠩᠭᠦ ᠶᠢᠨ ᠬᠤᠲᠠ ᠶᠢᠨ ᠨᠢᠭᠡᠳᠦᠯᠲᠡᠢ ᠲᠥᠯᠥᠪᠯᠡᠬᠦ ᠬᠡᠰᠡᠭ ᠠᠴᠠ 30% ᠶᠢᠨ | ᠬᠠᠷᠢᠴᠠᠯ ᠠᠴᠠ ᠳᠣᠣᠷᠠ ᠦᠭᠡᠢ ᠬᠡᠰᠡᠭ ᠢ ᠬᠡᠷᠡᠭᠯᠡᠨ᠂ ᠡᠵᠡᠩᠨᠡᠯᠲᠡ ᠨᠢ ᠬᠦᠴᠢᠷᠲᠡᠢ ᠰᠢᠨᠡ ᠡᠨᠧᠷᠭᠢ ᠶᠢᠨ | ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠳᠤ ᠨᠥᠬᠦᠪᠦᠷᠢ | ᠣᠯᠭᠤᠨᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠ᠂ ᠡᠳ᠋ ᠤᠨ | ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠲᠠᠪᠤ︶ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠷᠭᠡᠵᠢᠯ ᠤᠨ ᠰᠢᠨᠡ ᠶᠢ ᠡᠭᠦᠳᠬᠦ᠂ | ᠵᠠᠭᠪᠤᠷ ᠤᠨ ᠰᠢᠨᠡ ᠶᠢ ᠡᠭᠦᠳᠬᠦ᠂ ᠬᠠᠮᠢᠶᠠᠷᠤᠯᠲᠠ ᠶᠢᠨ ᠰᠢᠨᠡ ᠶᠢ ᠡᠭᠦᠳᠬᠦ ᠵᠡᠷᠭᠡ ᠠᠷᠭᠠ ᠮᠠᠶ᠋ᠢᠭ ᠢᠶᠠᠷ | ᠳᠠᠮᠵᠢᠭᠤᠯᠤᠨ ᠡᠵᠡᠩᠨᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠨᠡ᠃ ᠣᠷᠣᠨ ᠪᠦᠰᠡ ᠶᠢᠨ | ᠨᠥᠯᠥᠭᠡᠯᠡᠬᠦ ᠬᠦᠴᠦᠨ ᠲᠠᠢ ᠬᠦᠢᠰᠦ ᠶᠢ ᠪᠦᠲᠦᠭᠡᠨ ᠪᠠᠶᠢᠭᠤᠯᠤᠨ ᠡᠵᠡᠩᠨᠡᠬᠦ ᠬᠡᠪ ᠳᠠᠭᠤᠷᠢᠶᠠᠯᠪᠣᠯᠬᠤ ᠠᠵᠤ ᠠᠬᠤᠶᠢᠯᠠᠯ | ᠂ ᠪᠠᠷᠠᠭᠠᠨ ᠤ ᠭᠦᠢᠯᠭᠡᠭᠡᠨ ᠤ ᠵᠢᠱᠢᠶᠡ ᠦᠵᠡᠭᠦᠯᠬᠦ ᠬᠦᠷᠢᠶᠡᠯᠡᠩ ᠲᠣᠭᠤᠷᠢᠭ ᠢ ᠬᠥᠮᠥᠵᠢᠭᠦᠯᠵᠦ ᠲᠣᠭᠲᠠᠭᠠᠨᠠ᠃ A | ᠲᠠᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢᠶᠠᠷ ᠭᠤᠶᠤᠴᠢᠯᠠᠨ ᠮᠡᠳᠡᠭᠦᠯᠬᠦ ᠪᠠ ᠦᠨᠡᠯᠡᠭᠦᠯᠬᠦ ᠶᠢ ᠵᠣᠬᠢᠶᠠᠨ | ᠪᠠᠶᠢᠭᠤᠯᠤᠨ ᠥᠷᠨᠢᠭᠦᠯᠦᠨᠡ᠃ ︽ᠵᠢᠯᠣᠭᠤᠴᠢ ᠶᠢᠨ ᠭᠡᠷ︾ ᠤᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ | ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠭᠡᠷ︾ ᠲᠤ ᠨᠥᠬᠦᠪᠦᠷᠢ ᠣᠯᠭᠤᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ ᠲᠣᠪᠴᠢᠶᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ | ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠵᠢᠷᠭᠤᠭᠠ︶ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ | ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠯᠲᠡ ᠶᠢᠨ ᠲᠣᠣᠷ | ᠴᠡᠭ ᠤᠨ ᠪᠠᠶᠢᠷᠢᠰᠢᠭᠤᠯᠤᠯᠲᠠ ᠶᠢ ᠲᠦᠷᠭᠡᠳᠬᠡᠨ᠂ ᠰᠢᠤᠳᠠᠨ ᠤ ᠠᠵᠤ ᠠᠬᠤᠶᠢᠯᠠᠯ ᠬᠢᠭᠡᠳ ᠲᠦᠷᠭᠡᠨ ᠬᠦᠷᠭᠡᠯᠲᠡ ᠶᠢᠨ | ᠠᠵᠤ ᠠᠬᠤᠶᠢᠯᠠᠯ ᠤᠨ ᠦᠵᠦᠭᠦᠷ ᠲᠤ ᠬᠦᠷᠭᠡᠬᠦ ᠡᠬᠢ ᠪᠠᠶᠠᠯᠢᠭ ᠢᠶᠠᠨ ᠨᠡᠶᠢᠳᠬᠡᠬᠦ ᠶᠢ ᠵᠣᠷᠢᠭᠵᠢᠭᠤᠯᠵᠤ᠂ ︽ᠣᠯᠠᠨ | ᠥᠷᠲᠡᠭᠡ ᠶᠢ ᠨᠡᠶᠢᠯᠡᠭᠦᠯᠦᠨ ᠨᠢᠭᠡ ᠪᠣᠯᠭᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ︾ ᠵᠠᠭᠪᠤᠷ ᠶᠣᠰᠣᠭᠠᠷ᠂ ᠣᠯᠠᠨ | ᠲᠥᠷᠥᠯ ᠲᠡᠮᠳᠡᠭᠲᠦ ᠭᠠᠴᠠᠭᠠ ᠲᠣᠰᠬᠤᠨ ᠳᠤ ᠣᠷᠣᠬᠤ ᠠᠷᠭᠠ ᠵᠠᠮ ᠢ ᠥᠷᠭᠡᠳᠬᠡᠨᠡ᠃ ᠪᠣᠳᠠᠲᠠᠢ ᠡᠭᠦᠰᠦᠭᠰᠡᠨ | ᠲᠦᠷᠭᠡᠨ ᠬᠦᠷᠭᠡᠯᠲᠡ ᠶᠢ ᠭᠠᠴᠠᠭᠠ ᠲᠣᠰᠬᠤᠨ ᠳᠤ ᠣᠷᠣᠭᠤᠯᠤᠭᠰᠠᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠳᠤ | ᠂ ᠵᠢᠯ ᠪᠦᠷᠢ ᠵᠠᠬᠢᠶᠠᠯᠠᠭᠠ ᠨᠢᠭᠡᠪᠦᠷᠢ ᠳᠤ 0.3 ᠲᠥᠭᠦᠷᠢᠭ ᠤᠨ ᠳᠣᠲᠣᠷᠠ ᠨᠥᠬᠦᠪᠦᠷᠢ ᠥᠭᠴᠦ ᠱᠠᠩᠨᠠᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ᠂ ᠬᠤᠳᠠᠯᠳᠤᠭᠠᠨ ᠤ ᠶᠠᠪᠤᠳᠠᠯ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨᠠ︶ | ︵ᠳᠣᠯᠤᠭᠠ︶ ᠲᠦᠷᠭᠡᠨ ᠬᠦᠷᠭᠡᠯᠲᠡ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨᠡ᠃ ᠬᠤᠲᠠ᠂ ᠲᠣᠭᠤᠷᠢᠭ ᠤᠨ ᠣᠲᠣ ᠶᠢᠨ ᠬᠡᠷᠡᠭᠵᠢᠭᠦᠯᠵᠦ | ᠪᠠᠶᠢᠭᠠ ᠡᠳ᠋ ᠤᠨ ᠬᠦᠴᠦᠨ ᠤ ᠬᠤᠪᠢᠳᠠᠯ ᠤᠨ ᠬᠠᠷᠢᠴᠠᠯ ᠢᠶᠠᠷ ᠵᠠᠰᠠᠭ ᠤᠨ ᠣᠷᠳᠣᠨ ᠠᠴᠠ ᠨᠥᠬᠦᠪᠦᠷᠢ ᠥᠭᠬᠦ | ᠠᠷᠭᠠ ᠮᠠᠶ᠋ᠢᠭ ᠢ ᠠᠪᠴᠤ ᠱᠠᠲᠤ ᠬᠤᠪᠢᠶᠠᠨ ᠡᠭᠦᠷᠭᠡᠯᠡᠨᠡ᠃ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ | ᠬᠦᠷᠢᠶᠡᠯᠡᠩ ᠲᠣᠭᠤᠷᠢᠭ ᠲᠤ ᠣᠷᠣᠵᠤ ᠰᠠᠭᠤᠬᠤ ᠶᠢ ᠬᠥᠲᠥᠯᠥᠨ ᠵᠢᠯᠤᠭᠤᠳᠴᠤ᠂ ᠨᠢᠭᠡᠳᠦᠭᠡᠷ ᠵᠢᠯ ᠳᠤ ᠲᠦᠷᠭᠡᠨ | ᠬᠦᠷᠭᠡᠯᠲᠡ ᠶᠢᠨ ᠠᠵᠤ ᠠᠬᠤᠶᠢᠯᠠᠯ ᠳᠤ ᠲᠦᠷᠢᠶᠡᠰᠦᠨ ᠮᠥᠩᠭᠦ ᠶᠢᠨ 100% ᠶᠢᠨ ᠨᠥᠬᠦᠪᠦᠷᠢ ᠣᠯᠭᠤᠵᠤ᠂ | ᠬᠤᠶᠠᠳᠤᠭᠠᠷ ᠵᠢᠯ ᠳᠤ ᠲᠦᠷᠢᠶᠡᠰᠦᠨ ᠮᠥᠩᠭᠦ ᠶᠢᠨ 60% ᠶᠢᠨ ᠨᠥᠬᠦᠪᠦᠷᠢ ᠣᠯᠭᠤᠵᠤ᠂ ᠭᠤᠷᠪᠠᠳᠤᠭᠠᠷ ᠵᠢᠯ ᠳᠤ | ᠲᠦᠷᠢᠶᠡᠰᠦᠨ ᠮᠥᠩᠭᠦ ᠶᠢᠨ 40% ᠶᠢᠨ ᠨᠥᠬᠦᠪᠦᠷᠢ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠨᠠᠢᠮᠠ︶ ᠣᠯᠠᠨ ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ︽ᠨᠢᠭᠡ ᠵᠠᠬᠢᠶᠠᠯᠠᠭᠠ ᠶᠢᠨ ᠳᠦᠷᠢᠮ︾ ᠤᠨ | ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ ᠲᠤᠷᠰᠢᠯᠲᠠ ᠶᠢᠨ ᠴᠡᠭ ᠤᠨ ᠢᠨᠵᠧᠨᠧᠷᠢᠩ ᠳᠤ | ᠣᠷᠣᠭᠤᠯᠤᠭᠰᠠᠨ ᠠᠵᠤ ᠠᠬᠤᠶᠢᠯᠠᠯ ᠢ ᠬᠢᠨᠠᠨ ᠰᠢᠯᠭᠠᠷᠠᠭᠤᠯᠬᠤ ᠪᠠᠷ ᠳᠡᠮᠵᠢᠨ ᠬᠢᠷᠢ ᠲᠡᠩᠴᠡᠭᠰᠡᠨ ᠮᠥᠷᠲᠡᠭᠡᠨ ᠪᠥᠬᠦ | ᠣᠷᠣᠨ ᠤ ᠡᠮᠦᠨᠡ ᠲᠠᠪᠤᠨ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠨᠢᠭᠡᠪᠦᠷᠢ ᠶᠢ ᠨᠢᠭᠡ ᠤᠳᠠᠭᠠ ᠶᠢᠨ | ᠴᠢᠨᠠᠷᠲᠠᠢ ᠪᠠᠷ ᠱᠠᠩᠨᠠᠵᠤ ᠨᠥᠬᠦᠪᠦᠷᠢᠯᠡᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠵᠠᠮ ᠬᠠᠷᠢᠯᠴᠠᠭᠠᠨ ᠤ | ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨᠠ︶ | ︵ᠶᠢᠰᠦ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠬᠠᠭᠤᠴᠢᠨ ᠭᠡᠷ ᠪᠠᠶᠢᠰᠢᠩ᠂ | ᠰᠠᠩ ᠬᠥᠮᠥᠷᠭᠡ ᠪᠠ ᠦᠯᠡᠳᠡᠭᠡᠯ ᠭᠠᠵᠠᠷ ᠰᠢᠷᠣᠢ ᠶᠢᠨ ᠡᠬᠢ ᠪᠠᠶᠠᠯᠢᠭ ᠢ ᠠᠰᠢᠭᠯᠠᠨ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠪᠠᠶᠢᠭᠤᠯᠬᠤ ᠪᠤᠶᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠬᠠᠩᠭᠠᠬᠤ ᠳᠤ᠂ ᠤᠤᠯ ᠤᠨ ᠬᠤᠪᠢᠶᠠᠵᠤ | ᠣᠯᠭᠤᠭᠰᠠᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠵᠦ ᠥᠭᠬᠦ ᠪᠤᠶᠤ ᠲᠦᠷᠢᠶᠡᠰᠦᠯᠡᠭᠦᠯᠬᠦ ᠳᠤ | ᠬᠤᠯᠪᠣᠭᠳᠠᠭᠰᠠᠨ ᠪᠠᠶᠢᠪᠠᠯ᠂ ᠲᠤᠭᠲᠠᠭᠠᠯ ᠶᠣᠰᠤᠭᠠᠷ ᠭᠠᠵᠠᠷ ᠰᠢᠷᠣᠢ ᠶᠢ ᠦᠨᠡ ᠲᠥᠯᠥᠪᠦᠷᠢ ᠲᠠᠢ ᠪᠠᠷ ᠬᠡᠷᠡᠭᠯᠡᠬᠦ ᠭᠠᠷ | ᠭᠦᠢᠴᠡᠳᠬᠡᠯ ᠬᠢᠵᠦ᠂ ᠵᠥᠪᠰᠢᠶᠡᠷᠡᠭᠦᠯᠦᠭᠰᠡᠨ ᠤ ᠲᠠᠷᠠᠭᠠ ᠭᠡᠷᠡ ᠶᠢᠨ ᠠᠷᠭᠠ ᠮᠠᠶ᠋ᠢᠭ ᠢᠶᠠᠷ ᠰᠢᠯᠵᠢᠭᠦᠯᠦᠨ ᠥᠭᠴᠦ | ᠪᠣᠯᠣᠨᠠ᠃ 5 ᠵᠢᠯ ᠤᠨ ᠳᠣᠲᠣᠷᠠ ᠭᠠᠵᠠᠷ ᠰᠢᠷᠣᠢ ᠶᠢᠨ ᠤᠤᠯ ᠤᠨ ᠬᠡᠷᠡᠭᠯᠡᠯᠲᠡ ᠶᠢ ᠬᠡᠪ ᠢᠶᠠᠷ ᠪᠠᠶᠢᠯᠭᠠᠵᠤ᠂ | ᠡᠷᠬᠡ ᠶᠢᠨ ᠲᠥᠷᠥᠯ ᠵᠦᠢᠯ ᠢ ᠬᠤᠪᠢᠷᠠᠭᠤᠯᠬᠤ ᠦᠭᠡᠢ᠂ 5 ᠵᠢᠯ ᠤᠨ ᠬᠤᠭᠤᠴᠠᠭᠠ ᠲᠤᠯᠤᠭᠰᠠᠨ ᠤ ᠳᠠᠷᠠᠭᠠ ᠬᠠᠮᠢᠶᠠ | ᠪᠦᠬᠦᠢ ᠭᠠᠵᠠᠷ ᠬᠡᠷᠡᠭᠯᠡᠬᠦ ᠭᠠᠷᠳᠠᠮ ᠢ ᠦᠨᠡᠬᠡᠷ ᠭᠦᠢᠴᠡᠳᠬᠡᠬᠦ ᠴᠢᠬᠤᠯᠠ ᠲᠠᠢ ᠪᠣᠯ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠦᠢᠴᠡᠳᠬᠡᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠ᠂ ᠡᠯᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠬᠤᠶᠠᠷ᠂ ᠮᠥᠩᠭᠦᠨ ᠭᠦᠢᠯᠭᠡᠭᠡᠨ ᠤ ᠦᠢᠯᠡᠰ | ︵ᠠᠷᠪᠠ︶ ᠪᠠᠩᠬᠢ ᠪᠠ ᠠᠵᠤ ᠠᠬᠤᠶᠢᠯᠠᠯ ᠢ ᠰᠦᠯᠵᠢᠶᠡᠨ ᠳᠡᠭᠡᠷᠡ ᠵᠣᠯᠭᠠᠭᠤᠯᠬᠤ ᠠᠵᠢᠯᠯᠠᠭᠠ ᠶᠢ ᠪᠠᠶᠢᠩᠭᠤ | ᠥᠷᠨᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭᠠ ᠶᠢᠨ ᠪᠣᠯᠣᠮᠵᠢᠲᠤ ᠴᠢᠨᠠᠷ ᠪᠠ | ᠲᠥᠬᠦᠮ ᠤᠨ ᠬᠡᠮᠵᠢᠶᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶᠠ︶ | ︵ᠠᠷᠪᠠᠨ ᠨᠢᠭᠡ︶ ᠰᠢᠨᠡ ᠪᠠᠷ ᠪᠠᠶᠢᠭᠤᠯᠤᠭᠰᠠᠨ ᠪᠤᠶᠤ ᠰᠢᠨᠡ ᠪᠠᠷ ᠨᠡᠭᠦᠵᠦ ᠢᠷᠡᠭᠰᠡᠨ ᠬᠠᠤᠯᠢ ᠶᠢᠨ | ᠡᠷᠬᠡᠲᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠭᠰᠠᠨ ᠬᠥᠷᠥᠩᠭᠡ ᠶᠢᠨ 1% ᠪᠠᠷ ᠨᠥᠬᠦᠪᠦᠷᠢ | ᠣᠯᠭᠤᠵᠤ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠣᠯᠭᠤᠨᠠ︔ ᠪᠠᠩᠬᠢ ᠶᠢᠨ | ᠪᠠᠶᠢᠭᠤᠯᠤᠮᠵᠢ ᠶᠢᠨ ᠶᠡᠷᠦᠩᠬᠡᠢ ᠪᠠᠩᠬᠢ ᠶᠢᠨ ᠲᠠᠰ ᠤᠨ ᠠᠵᠢᠯ ᠦᠢᠯᠡᠰ ᠤᠨ ᠬᠡᠯᠲᠡᠰ᠂ ᠲᠤᠭᠠ ᠪᠠᠷᠢᠮᠲᠠ ᠶᠢᠨ ᠲᠥᠪ᠂ | ᠬᠠᠭᠤᠯᠤᠨ ᠬᠠᠳᠠᠭᠠᠯᠠᠬᠤ ᠲᠥᠪ᠂ ᠰᠤᠳᠤᠯᠤᠨ ᠨᠡᠭᠡᠭᠡᠬᠦ ᠲᠥᠪ ᠵᠡᠷᠭᠡ ᠪᠠᠶᠢᠭᠤᠯᠤᠮᠵᠢ ᠣᠷᠣᠵᠤ ᠰᠠᠭᠤᠪᠠᠯ ᠠᠳᠠᠯᠢ | ᠬᠠᠷᠢᠴᠠᠯ ᠤᠨ ᠨᠥᠬᠦᠪᠦᠷᠢ ᠬᠦᠷᠲᠡᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠨᠥᠬᠦᠪᠦᠷᠢ | ᠭᠥᠷᠳᠡᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ | ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠠᠷᠪᠠᠨ ᠬᠤᠶᠠᠷ︶ ᠮᠠᠨ ᠤ ᠬᠤᠲᠠ ᠳᠤ ᠰᠢᠨᠡ ᠪᠠᠷ ᠪᠠᠶᠢᠭᠤᠯᠤᠭᠰᠠᠨ ᠪᠤᠶᠤ ᠰᠢᠨᠡ ᠪᠠᠷ ᠨᠡᠭᠦᠨ ᠢᠷᠡᠭᠰᠡᠨ | ᠳᠠᠭᠠᠳᠬᠠᠯ᠂ ᠲᠡᠮᠳᠡᠭᠲᠦ᠂ ᠬᠤᠭᠤᠴᠠᠭᠠᠲᠤ ᠪᠠᠷᠠᠭᠠ᠂ ᠢᠳᠡᠭᠡᠮᠵᠢ ᠵᠡᠷᠭᠡ ᠪᠠᠶᠢᠭᠤᠯᠤᠮᠵᠢ ᠶᠢᠨ ᠬᠤᠪᠢᠶᠠᠷᠢ | ᠺᠣᠮᠫᠠᠨᠢ ᠳᠤ 20 ᠲᠦᠮᠡᠨ ᠲᠥᠭᠦᠷᠢᠭ ᠤᠨ ᠨᠥᠬᠦᠪᠦᠷᠢ ᠥᠭᠭᠦᠨᠡ᠃ ᠪᠡᠯᠡ ᠲᠣᠬᠢᠷᠠᠭᠤᠯᠭᠠ ᠶᠢᠨ ᠲᠦᠷᠢᠶᠡᠰᠦᠯᠡᠯ᠂ 365cc彩票老版_365比分足球官网_365bet网上娱乐平台 | ᠬᠤᠳᠠᠯᠳᠤᠭᠠᠨ ᠤ ᠲᠠᠭᠠᠭᠠᠨ ᠶᠠᠪᠤᠭᠳᠠᠭᠤᠯᠬᠤ᠂ ᠰᠠᠭᠤᠷᠢ ᠮᠥᠩᠭᠦᠨ ᠤ ᠺᠣᠮᠫᠠᠨᠢ ᠳᠤ ᠺᠣᠮᠫᠠᠨᠢ ᠶᠢᠨ ᠪᠣᠳᠠᠲᠠᠢ | ᠬᠤᠷᠢᠶᠠᠵᠤ ᠣᠯᠣᠭᠰᠠᠨ ᠬᠥᠷᠥᠩᠭᠡ ᠶᠢᠨ 0.3% ᠪᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 50 | ᠲᠦᠮᠡᠨ ᠲᠥᠭᠦᠷᠢᠭ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨᠠ︶ | ︵ᠠᠷᠪᠠᠨ ᠭᠤᠷᠪᠠ︶ ᠰᠢᠨᠡ ᠪᠠᠷ ᠪᠠᠶᠢᠭᠤᠯᠤᠭᠰᠠᠨ ᠪᠤᠶᠤ ᠰᠢᠨᠡ ᠪᠠᠷ ᠨᠡᠭᠦᠨ ᠢᠷᠡᠭᠰᠡᠨ ᠪᠥᠭᠡᠳ ᠪᠣᠳᠠᠲᠠᠢ | ᠴᠤᠭᠯᠠᠭᠤᠯᠤᠭᠰᠠᠨ ᠪᠡᠯᠡ ᠮᠥᠩᠭᠦ ᠨᠢ 5000 ᠲᠦᠮᠡᠨ ᠲᠥᠭᠦᠷᠢᠭ ᠠᠴᠠ ᠳᠣᠣᠷᠠ ᠦᠭᠡᠢ ᠰᠲ᠋ᠣᠺ ᠤᠨ ᠡᠷᠬᠡᠲᠦ | ᠪᠡᠯᠡ ᠣᠷᠣᠭᠤᠯᠤᠯᠲᠠ ᠶᠢᠨ ᠠᠵᠤ ᠠᠬᠤᠶᠢᠯᠠᠯ ︵ᠲᠦᠭᠰᠢᠭᠦᠷᠢᠲᠡᠢ ᠪᠡᠯᠡ ᠣᠷᠣᠭᠤᠯᠤᠯᠲᠠ ᠶᠢ ᠪᠠᠭᠲᠠᠭᠠᠨᠠ︶ ᠳᠤ᠂ | ᠲᠡᠭᠦᠨ ᠤ ᠠᠩᠬᠠᠨ ᠤ ᠬᠤᠭᠤᠴᠠᠭᠠᠨ ᠤ ᠪᠣᠳᠠᠲᠠᠢ ᠪᠡᠯᠡ ᠣᠷᠣᠭᠤᠯᠤᠭᠰᠠᠨ ᠲᠤᠭᠠ ᠶᠢᠨ 0.5% ᠶᠢᠨ | ᠬᠠᠷᠢᠴᠠᠯ ᠢᠶᠠᠷ ᠨᠡᠭᠡᠭᠡᠨ ᠡᠷᠬᠢᠯᠡᠬᠦ ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ | ᠲᠥᠭᠦᠷᠢᠭ ᠣᠯᠭᠤᠨᠠ᠃ ᠲᠤᠰ ᠵᠢᠯ ᠳᠤ ᠮᠠᠨ ᠤ ᠬᠤᠲᠠ ᠶᠢᠨ ᠠᠵᠤ ᠠᠬᠤᠶᠢᠯᠠᠯ ᠳᠤ ᠣᠷᠣᠭᠤᠯᠤᠭᠰᠠᠨ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶᠡ ᠨᠢ 5000 ᠲᠦᠮᠡᠨ ᠲᠥᠭᠦᠷᠢᠭ ᠢ ᠳᠠᠪᠠᠭᠰᠠᠨ ᠪᠡᠯᠡ | ᠣᠷᠣᠭᠤᠯᠤᠯᠲᠠ ᠶᠢᠨ ᠠᠵᠤ ᠠᠬᠤᠶᠢᠯᠠᠯ ᠳᠤ ᠲᠤᠰ ᠵᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶᠡ ᠶᠢᠨ | 1% ᠶᠢᠨ ᠬᠠᠷᠢᠴᠠᠯ ᠢᠶᠠᠷ ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ | ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ | ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠠᠷᠪᠠᠨ ᠳᠥᠷᠪᠡ︶ ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠭᠰᠠᠨ ᠵᠢᠭᠡᠯᠡᠯᠭᠡ ᠶᠢᠨ ᠲᠡᠮᠳᠡᠭᠲᠦ᠂ | ᠬᠤᠪᠢ ᠶᠢᠨ ᠵᠢᠭᠡᠯᠡᠯᠭᠡ ᠶᠢᠨ ᠲᠡᠮᠳᠡᠭᠲᠦ᠂ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ᠂ ᠦᠢᠯᠡᠰ ᠴᠣᠭᠴᠠᠯᠠᠨ | ᠰᠢᠨᠡ ᠶᠢ ᠡᠭᠦᠳᠬᠦ ᠵᠢᠭᠡᠯᠡᠯᠭᠡ ᠶᠢᠨ ᠲᠡᠮᠳᠡᠭᠲᠦ ᠵᠡᠷᠭᠡ ᠡᠯᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ | ᠠᠮᠵᠢᠯᠲᠠ ᠲᠠᠢ ᠪᠠᠷ ᠲᠠᠷᠬᠠᠭᠠᠭᠰᠠᠨ ᠠᠵᠤ ᠠᠬᠤᠶᠢᠯᠠᠯ ᠳᠤ ᠵᠢᠭᠡᠯᠡᠯᠭᠡ ᠲᠠᠷᠬᠠᠭᠠᠭᠰᠠᠨ ᠲᠤᠭᠠ ᠶᠢᠨ 2% ᠢᠶᠠᠷ | ᠨᠥᠬᠦᠪᠦᠷᠢ ᠣᠯᠭᠤᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠣᠯᠭᠤᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠠᠷᠪᠠᠨ ᠲᠠᠪᠤ︶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠦᠢᠯᠡᠴᠢᠯᠡᠭᠡᠨ ᠤ | ᠦᠢᠯᠡᠰ ᠤᠨ ᠬᠦᠷᠢᠶᠡᠨ ᠳᠠᠬᠢ ᠬᠦᠴᠢᠷᠳᠡᠯᠲᠡᠢ ᠠᠵᠢᠯ ᠲᠥᠷᠥᠯ ᠤᠨ ᠢᠲᠡᠭᠡᠮᠵᠢᠲᠦ ᠵᠢᠭᠡᠯᠡᠯᠭᠡ ᠶᠢᠨ ᠬᠠᠩᠭᠠᠯᠭᠠ ᠶᠢ | ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠠᠵᠤ ᠠᠬᠤᠶᠢᠯᠠᠯ ᠳᠤ ᠣᠯᠭᠤᠬᠤ | ᠵᠢᠭᠡᠯᠡᠯᠭᠡ ᠪᠠᠨ ᠨᠡᠮᠡᠭᠳᠡᠭᠦᠯᠬᠦ ᠶᠢ ᠳᠡᠮᠵᠢᠨᠡ᠃ ᠠᠩᠬᠠᠨ ᠤ ᠵᠢᠭᠡᠯᠡᠯᠭᠡ ᠶᠢ ᠨᠡᠮᠡᠭᠳᠡᠭᠦᠯᠵᠦ᠂ ᠲᠣᠭᠲᠠᠭᠤᠨ ᠢᠶᠠᠷ | ᠦᠷᠭᠦᠯᠵᠢᠯᠡᠨ ᠵᠢᠭᠡᠯᠡᠭᠦᠯᠦᠨᠡ᠃ ᠦᠷᠭᠦᠯᠵᠢᠯᠡᠨ ᠵᠢᠭᠡᠯᠡᠯᠭᠡ ᠠᠪᠬᠤ ᠬᠡᠷᠡᠭᠴᠡᠭᠡ ᠱᠠᠭᠠᠷᠳᠠᠯᠭᠠ ᠲᠠᠢ ᠪᠠᠶᠢᠪᠠᠯ᠂ | ᠬᠡᠪ ᠤᠨ ᠦᠷᠭᠦᠯᠵᠢᠯᠡᠨ ᠵᠢᠭᠡᠯᠡᠯᠭᠡ ᠲᠠᠯᠪᠢᠬᠤ ᠲᠤᠬᠠᠶᠢᠯᠠᠭᠰᠠᠨ ᠠᠵᠢᠯ ᠢᠶᠠᠷ ᠭᠦᠢᠴᠡᠳᠬᠡᠵᠦ᠂ ᠰᠣᠬᠤᠷ ᠪᠠᠯᠠᠢ ᠪᠠᠷ | ᠵᠢᠭᠡᠯᠡᠯᠭᠡ ᠪᠠᠨ ᠬᠠᠶᠢᠷᠠᠯᠠᠵᠤ᠂ ᠵᠢᠭᠡᠯᠡᠯᠭᠡ ᠪᠠᠨ ᠤᠷᠢᠳᠴᠢᠯᠠᠨ ᠪᠤᠴᠠᠭᠠᠨ ᠠᠪᠴᠤ᠂ ᠵᠢᠭᠡᠯᠡᠯᠭᠡ ᠪᠠᠨ ᠵᠣᠭᠰᠣᠭᠠᠵᠤ᠂ | ᠵᠢᠭᠡᠯᠡᠯᠭᠡ ᠪᠠᠨ ᠳᠠᠷᠤᠵᠤ ᠪᠣᠯᠬᠤ ᠦᠭᠡᠢ᠂ 2022 ᠣᠨ ᠤ ᠪᠡᠯᠡ ᠲᠣᠬᠢᠷᠠᠭᠤᠯᠭᠠ ᠶᠢᠨ ᠥᠪᠡᠷ ᠤᠨ ᠥᠷᠲᠡᠭ ᠢ | 2021 ᠣᠨ ᠤ ᠠᠳᠠᠯᠢ ᠬᠤᠭᠤᠴᠠᠭᠠᠨ ᠤ ᠬᠢᠷᠢ ᠬᠡᠮᠵᠢᠶᠡ ᠠᠴᠠ ᠥᠨᠳᠥᠷ ᠪᠠᠶᠢᠯᠭᠠᠬᠤ ᠦᠭᠡᠢ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ︶ | ︵ᠠᠷᠪᠠᠨ ᠵᠢᠷᠭᠤᠭᠠ︶ ᠪᠡᠯᠡ ᠮᠥᠩᠭᠦ ᠪᠠᠷ ᠱᠠᠩᠨᠠᠵᠤ ᠲᠤᠰᠠᠯᠠᠬᠤ ᠡᠷᠴᠢᠮ ᠢ ᠴᠢᠩᠭᠠᠷᠠᠭᠤᠯᠤᠨᠠ᠃ ᠮᠠᠨ ᠤ | ᠬᠤᠲᠠ ᠳᠤ ᠨᠡᠭᠦᠵᠦ ᠢᠷᠡᠭᠰᠡᠨ ᠬᠥᠷᠥᠩᠭᠡ ᠶᠢᠨ ᠵᠠᠬᠠ ᠳᠤ ᠭᠠᠷᠤᠭᠰᠠᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠢ | ᠬᠤᠲᠠ ᠶᠢᠨ ᠲᠤᠰ ᠱᠠᠲᠤᠨ ᠠᠴᠠ ᠨᠢᠭᠡ ᠤᠳᠠᠭᠠ ᠶᠢᠨ ᠴᠢᠨᠠᠷᠲᠠᠢ 1000 ᠲᠦᠮᠡᠨ ᠲᠥᠭᠦᠷᠢᠭ ᠢᠶᠠᠷ ᠱᠠᠩᠨᠠᠨᠠ᠃ | ᠮᠠᠨ ᠤ ᠬᠤᠲᠠ ᠶᠢᠨ ᠠᠩᠬᠠ ᠬᠥᠷᠥᠩᠭᠡ ᠶᠢᠨ ᠵᠠᠬᠠ ᠳᠤ ᠭᠠᠷᠬᠤ ᠠᠵᠤ ᠠᠬᠤᠶᠢᠯᠠᠯ ᠳᠤ᠂ ᠵᠠᠬᠠ ᠳᠤ ᠭᠠᠷᠬᠤ ᠪᠠᠷ | ᠪᠡᠯᠡᠳᠬᠡᠬᠦ ᠶᠠᠪᠤᠴᠠ ᠳᠤ᠂ ᠬᠤᠲᠠ ᠶᠢᠨ ᠲᠣᠰ ᠱᠠᠲᠤᠨ ᠠᠴᠠ ᠱᠠᠲᠤ ᠬᠤᠪᠢᠶᠠᠨ ᠪᠡᠯᠡ ᠮᠥᠩᠭᠦ ᠶᠢᠨ ᠱᠠᠩᠨᠠᠯ | ᠨᠥᠬᠦᠪᠦᠷᠢ ᠣᠯᠭᠤᠵᠤ᠂ ᠱᠠᠩᠨᠠᠯ ᠨᠥᠬᠦᠪᠦᠷᠢ ᠶᠢᠨ ᠲᠤᠭᠠ ᠶᠢ ᠨᠡᠶᠢᠯᠡᠭᠡᠳ 500 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ︔ ᠠᠵᠤ ᠠᠬᠤᠶᠢᠯᠠᠯ ᠬᠥᠷᠥᠩᠭᠡ ᠶᠢᠨ ᠵᠠᠬᠠ ᠳᠤ ᠭᠠᠷᠤᠭᠰᠠᠨ ᠤ ᠲᠠᠷᠠᠭᠠ᠂ ᠠᠵᠤ | ᠠᠬᠤᠶᠢᠯᠠᠯ ᠤᠨ ᠲᠠᠬᠢᠭᠠᠳ ᠪᠠᠰᠠ ᠥᠪᠡᠷᠲᠡᠭᠡᠨ ᠵᠠᠰᠠᠬᠤ ᠣᠷᠣᠨ ᠤ ᠬᠥᠷᠥᠩᠭᠡ ᠶᠢᠨ ᠵᠠᠬᠠ ᠳᠤ ᠭᠠᠷᠬᠤ 500 | ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢ ᠬᠦᠷᠲᠡᠬᠦ ᠳᠤ ᠢᠳᠡᠪᠬᠢᠲᠡᠢ ᠬᠠᠪᠰᠤᠷᠤᠨᠠ᠃ | ᠬᠤᠲᠠ ᠶᠢᠨ ᠲᠣᠰ ᠱᠠᠲᠤᠨ ᠤ ᠱᠠᠲᠤ ᠬᠤᠪᠢᠶᠠᠨ ᠱᠠᠩᠨᠠᠵᠤ ᠨᠥᠬᠦᠪᠦᠷᠢᠯᠡᠬᠦ ᠨᠢ ᠳᠣᠣᠷᠠᠬᠢ ᠮᠡᠲᠦ᠄ ᠠᠵᠤ ᠠᠬᠤᠶᠢᠯᠠᠯ | ᠨᠢ ᠥᠪᠡᠷᠲᠡᠭᠡᠨ ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠ ᠶᠢᠨ | ᠵᠢᠯᠣᠭᠤᠳᠤᠯᠭᠠ ᠳᠠᠩᠰᠠᠯᠠᠯᠲᠠ ᠶᠢ ᠥᠩᠭᠡᠷᠡᠭᠡᠭᠰᠡᠨ ᠤ ᠳᠠᠷᠠᠭᠠ᠂ 200 ᠲᠦᠮᠡᠨ ᠲᠥᠭᠦᠷᠢᠭ ᠢᠶᠠᠷ ᠱᠠᠩᠨᠠᠵᠤ | ᠨᠥᠬᠦᠪᠦᠷᠢᠯᠡᠨᠡ︔ ᠠᠵᠤ ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ ᠢᠶᠠᠷ | ᠳᠠᠮᠵᠢᠭᠤᠯᠤᠨ ᠬᠥᠷᠥᠩᠭᠡ ᠶᠢᠨ ᠵᠠᠬᠠ ᠳᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ | ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠠᠴᠠ ᠭᠥᠯᠢᠶᠡᠨ ᠠᠪᠤᠭᠰᠠᠨ ᠤ | ᠳᠠᠷᠠᠭᠠ᠂ ᠲᠠᠬᠢᠭᠠᠳ ᠳᠡᠭᠡᠷᠡ ᠨᠢ 200 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨᠡ︔ ᠠᠵᠤ ᠠᠬᠤᠶᠢᠯᠠᠯ ᠨᠢ | ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠲᠠᠷᠬᠠᠭᠠᠬᠤ ᠶᠢ ᠬᠢᠨᠠᠨ | ᠪᠠᠶᠢᠴᠠᠭᠠᠬᠤ ᠵᠥᠪᠯᠡᠯ ᠤᠨ ᠬᠢᠨᠠᠨ ᠬᠠᠷᠭᠤᠭᠤᠯᠭᠠ ᠶᠢ ᠥᠩᠭᠡᠷᠡᠭᠡᠨ ᠬᠥᠷᠥᠩᠭᠡ ᠶᠢᠨ ᠵᠠᠬᠠ ᠳᠤ ᠵᠢᠩᠬᠢᠨᠢ ᠪᠠᠷ | ᠭᠠᠷᠬᠤ ᠳᠤ᠂ ᠲᠠᠬᠢᠭᠠᠳ ᠳᠡᠭᠡᠷᠡ ᠨᠢ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨᠡ᠃ ᠱᠧᠨᠵᠧᠨ ᠤ | ᠠᠷᠠᠯᠵᠢᠶᠠᠨ ᠤ ᠭᠠᠵᠠᠷ ᠤᠨ ᠦᠢᠯᠡᠰ ᠴᠣᠭᠴᠠᠯᠠᠬᠤ ᠰᠠᠮᠪᠠᠷᠠ᠂ ᠱᠠᠩᠬᠠᠢ ᠶᠢᠨ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡ ᠶᠢ ᠡᠭᠦᠳᠬᠦ ᠰᠠᠮᠪᠠᠷᠠ ᠳᠤ ᠳᠠᠩᠰᠠᠯᠠᠭᠤᠯᠬᠤ | ᠳᠦᠷᠢᠮ ᠢᠶᠠᠷ ᠬᠦᠷᠦᠩᠭᠡ ᠶᠢᠨ ᠵᠠᠬᠠ ᠳᠤ ᠭᠠᠷᠤᠭᠰᠠᠨ ᠠᠵᠤ ᠠᠬᠤᠶᠢᠯᠠᠯ ᠳᠤ᠂ ᠠᠵᠤ ᠠᠬᠤᠶᠢᠯᠠᠯ ᠨᠢ ᠥᠪᠡᠷᠲᠡᠭᠡᠨ | ᠵᠠᠰᠠᠬᠤ ᠣᠷᠣᠨ ᠤ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶᠠ ᠶᠢᠨ ᠵᠢᠯᠣᠭᠤᠳᠤᠯᠭᠠ | ᠳᠠᠩᠰᠠᠯᠠᠯᠲᠠ ᠶᠢ ᠥᠩᠭᠡᠷᠡᠭᠡᠭᠰᠡᠨ ᠤ ᠳᠠᠷᠠᠭᠠ᠂ 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨᠡ︔ | ᠠᠵᠤ ᠠᠬᠤᠶᠢᠯᠠᠯ ᠲᠡᠮᠳᠡᠭᠲᠦ ᠶᠢᠨ ᠭᠤᠣᠯ ᠳᠠᠭᠠᠭᠠᠨ ᠪᠣᠷᠣᠯᠠᠭᠤᠯᠬᠤ ᠬᠤᠳᠠᠯᠳᠤᠭᠠᠴᠢᠨ ᠢᠶᠠᠷ ᠳᠠᠮᠵᠢᠭᠤᠯᠤᠨ | ᠵᠠᠬᠠ ᠳᠤ ᠭᠠᠷᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ ᠲᠤᠮᠳᠠᠳᠤ ᠤᠯᠤᠰ ᠤᠨ | ᠳᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠬᠦᠯᠢᠶᠡᠨ ᠠᠪᠤᠭᠰᠠᠨ ᠤ ᠳᠠᠷᠠᠭᠠ᠂ ᠲᠠᠬᠢᠭᠠᠳ ᠳᠡᠭᠡᠷᠡ ᠨᠢ | 200 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨᠡ︔ ᠬᠥᠷᠥᠩᠭᠡ ᠶᠢᠨ ᠵᠠᠬᠠ ᠳᠤ ᠵᠢᠩᠬᠢᠨᠢ ᠪᠠᠷ | ᠭᠠᠷᠤᠭᠰᠠᠨ ᠤ ᠳᠠᠷᠠᠭᠠ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨᠡ᠃ ᠰᠢᠨᠡ ᠭᠤᠷᠪᠠᠳᠤᠭᠠᠷ | ᠰᠠᠮᠪᠠᠷᠠ ᠶᠢᠨ ᠰᠣᠳᠣᠨ ᠳᠠᠪᠬᠤᠷᠭᠠ ᠳᠤ ᠭᠠᠷᠤᠭᠰᠠᠨ ᠠᠵᠤ ᠠᠬᠤᠶᠢᠯᠠᠯ ᠢ 300 ᠲᠦᠮᠡᠨ ᠲᠥᠭᠦᠷᠢᠭ ᠢᠶᠠᠷ | ᠱᠠᠩᠨᠠᠨᠠ᠃ ᠮᠠᠨ ᠤ ᠬᠤᠲᠠ ᠶᠢᠨ ᠬᠢᠯᠢ ᠶᠢᠨ ᠭᠠᠳᠠᠨᠠᠬᠢ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ︵ᠨᠢᠦ᠋ | ᠶᠣᠷᠺ ᠤᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠠᠷᠠᠯᠵᠢᠶᠠᠨ ᠤ ᠭᠠᠵᠠᠷ ᠵᠡᠷᠭᠡ︶ ᠲᠤ ᠠᠩᠬᠠ ᠤᠳᠠᠭᠠ | ᠢᠯᠡ ᠪᠠᠷ ᠰᠲ᠋ᠣᠺ ᠲᠠᠷᠬᠠᠭᠠᠵᠤ ᠵᠠᠬᠠ ᠳᠤ ᠭᠠᠷᠤᠭᠰᠠᠨ ᠠᠵᠤ ᠠᠬᠤᠶᠢᠯᠠᠯ ᠳᠤ᠂ ᠨᠢᠭᠡ ᠤᠳᠠᠭᠠ ᠶᠢᠨ ᠴᠢᠨᠠᠷᠲᠠᠢ | 500 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠡᠭᠦᠷᠭᠡ ᠬᠠᠷᠢᠭᠤᠴᠠᠯᠭᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠠᠷᠪᠠᠨ ᠳᠣᠯᠤᠭᠠ︶ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ | ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠬᠢᠭᠦᠯᠦᠨ ᠰᠠᠶᠢᠰᠢᠶᠠᠬᠤ ᠪᠤᠶᠤ ᠨᠢᠭᠡ ᠤᠳᠠᠭᠠ ᠶᠢᠨ | ᠴᠢᠨᠠᠷᠲᠠᠢ ᠱᠠᠩᠨᠠᠨᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠯᠲᠠ ᠶᠢᠨ | ᠱᠠᠩᠨᠠᠯ ᠲᠣᠬᠢᠷᠠᠭᠤᠯᠵᠤ᠂ ᠵᠢᠯ ᠪᠦᠷᠢ ᠨᠢᠭᠡ ᠤᠳᠠᠭᠠ ᠰᠢᠯᠭᠠᠷᠠᠭᠤᠯᠤᠨᠠ᠃ ᠪᠠᠩᠬᠢ ᠶᠢᠨ ᠪᠠᠶᠢᠭᠤᠯᠤᠮᠵᠢ ᠶᠢ ᠬᠢᠨᠠᠨ | ᠰᠢᠯᠭᠠᠬᠤ ᠭᠦᠢᠴᠡᠳᠬᠡᠯ ᠲᠤᠭᠠ ᠳᠤ ᠭᠤᠣᠯᠳᠠᠭᠤ ᠣᠨ ᠤ ᠢᠲᠡᠭᠡᠮᠵᠢᠲᠦ ᠵᠢᠭᠡᠯᠡᠯᠭᠡ ᠶᠢᠨ ᠠᠳᠠᠯᠢ ᠬᠤᠭᠤᠴᠠᠭᠠᠨ ᠤ | ᠬᠢ ᠠᠴᠠ ᠨᠡᠮᠡᠭᠳᠡᠭᠰᠡᠨ ᠬᠡᠮᠵᠢᠶᠡ᠂ ᠨᠡᠮᠡᠭᠳᠡᠯ ᠤᠨ ᠬᠤᠷᠳᠤᠴᠠ᠂ ᠢᠳᠡᠭᠡᠮᠵᠢ᠂ ᠰᠠᠭᠤᠷᠢ ᠮᠥᠩᠭᠦ ᠵᠡᠷᠭᠡ ᠶᠢ | ᠲᠠᠯᠪᠢᠭᠰᠠᠨ ᠬᠡᠮᠵᠢᠶᠡ ᠪᠠ ᠮᠠᠨ ᠤ ᠬᠤᠲᠠ ᠶᠢᠨ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭᠠ ᠶᠢ | ᠲᠡᠳᠬᠦᠭᠰᠡᠨ ᠡᠷᠴᠢᠮ ᠢ ᠦᠵᠡᠵᠦ᠂ ᠶᠡᠷᠦᠩᠬᠡᠢ ᠨᠡᠷᠡᠰ ᠤᠨ ᠵᠢᠭᠰᠠᠭᠠᠯᠲᠠ ᠶᠢᠨ ᠡᠮᠦᠨᠡ ᠭᠤᠷᠪᠠ ᠳᠤ | ᠵᠢᠭᠰᠠᠭᠠᠭᠳᠠᠭᠰᠠᠨ ᠮᠥᠷᠲᠡᠭᠡᠨ ᠪᠥᠬᠦ ᠬᠤᠲᠠ ᠶᠢᠨ ᠳᠤᠮᠳᠠᠴᠢ ᠬᠢᠷᠢ ᠬᠡᠮᠵᠢᠶᠡ ᠠᠴᠠ ᠥᠨᠳᠥᠷ ᠪᠠᠩᠬᠢ ᠶᠢᠨ | ᠪᠠᠶᠢᠭᠤᠯᠤᠮᠵᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ | ᠲᠥᠭᠦᠷᠢᠭ ᠢᠶᠠᠷ ᠱᠠᠩᠨᠠᠨᠠ᠃ ᠣᠨ ᠤ ᠰᠢᠨᠡ ᠪᠠᠷ ᠨᠡᠮᠡᠭᠳᠡᠭᠰᠡᠨ ᠳᠠᠭᠠᠳᠬᠠᠯ ᠤᠨ ᠰᠦᠢᠳᠬᠡᠯ ᠤᠨ ᠣᠷᠣᠯᠭᠠ ᠨᠢ | ᠡᠮᠦᠨᠡ ᠭᠤᠷᠪᠠ ᠳᠤ ᠵᠢᠭᠰᠠᠭᠠᠭᠳᠠᠭᠰᠠᠨ ᠳᠠᠭᠠᠳᠬᠠᠯ ᠤᠨ ᠪᠠᠶᠢᠭᠤᠯᠤᠮᠵᠢ ᠶᠢ ᠲᠣᠰ ᠲᠣᠰ 20 ᠲᠦᠮᠡᠨ ᠲᠥᠭᠦᠷᠢᠭ᠂ | 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨᠠ᠃ ᠲᠣᠪᠣᠶᠢᠮᠠ ᠬᠤᠪᠢ ᠨᠡᠮᠡᠷᠢ ᠲᠠᠢ ᠪᠤᠰᠤᠳ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠤᠶᠤ ᠮᠥᠩᠭᠦᠨ ᠭᠦᠢᠯᠭᠡᠭᠡᠨ ᠤ ᠲᠥᠷᠥᠯ ᠤᠨ ᠪᠠᠶᠢᠭᠤᠯᠤᠮᠵᠢ ᠳᠤ ᠵᠣᠬᠢᠬᠤ | ᠱᠠᠩᠨᠠᠯ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨᠠ︶ | ᠭᠤᠷᠪᠠ᠂ ᠰᠣᠶᠣᠯ ᠵᠢᠭᠤᠯᠴᠢᠯᠠᠯ ᠤᠨ ᠦᠢᠯᠡᠰ | ︵ᠠᠷᠪᠠᠨ ᠨᠠᠢᠮᠠ︶ ᠵᠢᠱᠢᠶᠡ ᠦᠵᠡᠭᠦᠯᠬᠦ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ | ᠪᠠᠶᠢᠭᠤᠯᠬᠤ ᠶᠢ ᠳᠡᠮᠵᠢᠵᠦ᠂ ᠤᠯᠤᠰ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠤ ᠦᠢᠯᠡᠰ ᠤᠨ | ᠵᠢᠱᠢᠶᠡ ᠦᠵᠡᠭᠦᠯᠬᠦ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠪᠠ ᠤᠯᠤᠰ ᠤᠨ ᠲᠠᠰ ᠤᠨ ᠰᠣᠶᠣᠯ ᠰᠢᠨᠵᠢᠯᠡᠬᠦ | ᠤᠬᠠᠭᠠᠨ ᠮᠡᠷᠭᠡᠵᠢᠯ ᠠᠭᠤᠰᠤᠯᠴᠠᠭᠰᠠᠨ ᠵᠢᠱᠢᠶᠡ ᠦᠵᠡᠭᠦᠯᠬᠦ ᠰᠠᠭᠤᠷᠢᠨ ᠭᠠᠵᠠᠷ ᠤᠨ ᠴᠣᠯᠠ ᠶᠢ ᠰᠢᠨᠡ ᠪᠠᠷ | ᠣᠯᠣᠭᠰᠠᠨ ᠲᠥᠷᠥᠯ ᠵᠦᠢᠯ ᠳᠤ ᠤᠯᠤᠰ ᠤᠨ ᠲᠠᠰ ᠤᠨ ᠬᠢ ᠶᠢ ᠨᠢᠭᠡ ᠤᠳᠠᠭᠠ ᠶᠢᠨ ᠴᠢᠨᠠᠷᠲᠠᠢ 50 ᠲᠦᠮᠡᠨ | ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠢ ᠶᠢ ᠨᠢᠭᠡ ᠤᠳᠠᠭᠠ ᠶᠢᠨ ᠴᠢᠨᠠᠷᠲᠠᠢ | 20 ᠲᠦᠮᠡᠨ ᠲᠥᠭᠦᠷᠢᠭ ᠢᠶᠠᠷ ᠱᠠᠩᠨᠠᠨᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠰᠣᠶᠣᠯ | ᠵᠢᠭᠤᠯᠴᠢᠯᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠠᠷᠪᠠ ᠶᠢᠰᠦ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠷᠥᠯ ᠲᠡᠮᠳᠡᠭᠲᠦ ᠶᠢ ᠡᠭᠦᠳᠦᠨ | ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠰᠢᠨᠡ ᠪᠠᠷ ᠦᠨᠡᠯᠡᠨ ᠲᠣᠭᠲᠠᠭᠠᠭᠰᠠᠨ ᠤᠯᠤᠰ ᠤᠨ 4A5A | ᠦᠵᠡᠮᠵᠢ ᠶᠢᠨ ᠣᠷᠣᠨ ᠢ ᠲᠣᠰ ᠲᠣᠰ ᠨᠢᠭᠡ ᠤᠳᠠᠭᠠ ᠶᠢᠨ ᠴᠢᠨᠠᠷᠲᠠᠢ 200 ᠲᠦᠮᠡᠨ ᠲᠥᠭᠦᠷᠢᠭ᠂ 500 | ᠲᠦᠮᠡᠨ ᠲᠥᠭᠦᠷᠢᠭ ᠢᠶᠠᠷ ᠱᠠᠩᠨᠠᠨᠠ᠃ ︵ᠬᠠᠷᠢᠭᠤᠴᠠᠯᠭᠠᠲᠦ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ | ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨᠠ︶ | ︵ᠬᠤᠷᠢ︶ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶᠡ ᠦᠵᠡᠭᠦᠯᠬᠦ ᠬᠤᠰᠢᠭᠤ | ᠰᠢᠶᠠᠨ ᠲᠣᠭᠤᠷᠢᠭ ᠪᠣᠯᠭᠠᠨ ᠡᠭᠦᠳᠦᠨ ᠪᠠᠶᠢᠭᠤᠯᠤᠭᠰᠠᠨ ᠳᠤ ᠨᠢᠭᠡ ᠤᠳᠠᠭᠠ ᠶᠢᠨ ᠴᠢᠨᠠᠷᠲᠠᠢ 500 ᠲᠦᠮᠡᠨ | ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ︽ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠣᠷᠣᠨ︾ ᠢᠶᠠᠷ | ᠦᠨᠡᠯᠡᠭᠳᠡᠭᠰᠡᠨ ᠳᠤ ᠨᠢᠭᠡ ᠤᠳᠠᠭᠠ ᠶᠢᠨ ᠴᠢᠨᠠᠷᠲᠠᠢ 300 ᠲᠦᠮᠡᠨ ᠲᠥᠭᠦᠷᠢᠭ ᠢᠶᠠᠷ ᠱᠠᠩᠨᠠᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠨᠢᠭᠡ︶ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠢᠨᠡ ᠬᠡᠯᠪᠡᠷᠢ ᠶᠢᠨ ᠱᠠᠪᠢ ᠣᠷᠣᠬᠤ | ᠳᠦᠷᠢᠮ ᠪᠠ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠪᠣᠯᠪᠠᠰᠤᠷᠠᠭᠤᠯᠤᠯ ᠤᠨ ᠨᠥᠬᠦᠪᠦᠷᠢ ᠶᠢ ᠤᠳᠠᠭᠠ ᠪᠣᠯᠭᠠᠨ ᠣᠯᠭᠤᠨᠠ | ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠳᠥᠷᠪᠡ᠂ ᠤᠳᠤ ᠦᠶᠡ ᠶᠢᠨ ᠠᠷᠠᠯᠵᠢᠶᠠ ᠬᠤᠳᠠᠯᠳᠤᠭᠠᠨ ᠤ ᠦᠢᠯᠡᠰ | ︵ᠬᠤᠷᠢᠨ ᠬᠤᠶᠠᠷ︶ ᠮᠡᠳᠡᠭᠦᠯᠦᠭᠡᠳ ᠤᠯᠤᠰ ᠤᠨ ᠲᠠᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠣᠯᠤᠭᠰᠠᠨ | ᠳᠤ᠂ ᠬᠤᠲᠠ ᠶᠢᠨ ᠵᠠᠰᠠᠭ ᠤᠨ ᠣᠷᠳᠣᠨ ᠠᠴᠠ ᠵᠡᠭᠡᠯᠢ ᠲᠣᠭᠤᠷᠢᠭ ᠤᠨ ᠪᠠᠶᠢᠭᠠ ᠭᠠᠵᠠᠷ ᠤᠨ ᠵᠠᠰᠠᠭ ᠤᠨ ᠣᠷᠳᠣᠨ ᠢ | 300 ᠲᠦᠮᠡᠨ ᠲᠥᠭᠦᠷᠢᠭ ᠢᠶᠠᠷ ᠱᠠᠩᠨᠠᠨᠠ︔ ᠮᠡᠳᠡᠭᠦᠯᠦᠭᠡᠳ ᠥᠪᠡᠷᠲᠡᠭᠡᠨ ᠵᠠᠰᠠᠬᠤ ᠣᠷᠣᠨ ᠤ ᠲᠠᠰ ᠤᠨ | ᠲᠤᠷᠰᠢᠯᠲᠠ ᠶᠢᠨ ᠶᠠᠪᠠᠭᠠᠨ ᠵᠡᠭᠡᠯᠢ ᠪᠣᠯᠤᠭᠰᠠᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠲᠤ ᠬᠤᠲᠠ ᠶᠢᠨ | ᠵᠠᠰᠠᠭ ᠤᠨ ᠣᠷᠳᠣᠨ ᠠᠴᠠ ᠵᠡᠭᠡᠯᠢ ᠲᠣᠭᠤᠷᠢᠭ ᠤᠨ ᠪᠠᠶᠢᠭᠠ ᠭᠠᠵᠠᠷ ᠤᠨ ᠵᠠᠰᠠᠭ ᠤᠨ ᠣᠷᠳᠣᠨ ᠢ 100 ᠲᠦᠮᠡᠨ | ᠲᠥᠭᠦᠷᠢᠭ ᠢᠶᠠᠷ ᠱᠠᠩᠨᠠᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶᠠ᠂ ᠡᠳ᠋ ᠤᠨ ᠵᠠᠰᠠᠭ ᠤᠨ ᠲᠣᠪᠴᠢᠶᠠ᠂ ᠡᠯᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠭᠤᠷᠪᠠ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠲᠥᠯᠥᠪᠵᠢᠭᠦᠯᠬᠦ ᠠᠵᠢᠯ ᠢ | ᠲᠡᠮᠵᠢᠵᠤ᠂ ᠤᠯᠤᠰ ᠤᠨ ᠲᠡᠰ᠂ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠶᠠᠪᠠᠭᠠᠨ ᠵᠡᠭᠡᠯᠢ ᠪᠠᠷ | ᠦᠨᠡᠯᠡᠭᠳᠡᠭᠰᠡᠨ ᠵᠡᠭᠡᠯᠢ ᠲᠣᠭᠤᠷᠢᠭ ᠤᠨ ᠪᠠᠶᠢᠭᠠ ᠭᠠᠵᠠᠷ ᠤᠨ ᠵᠠᠰᠠᠭ ᠤᠨ ᠣᠷᠳᠣᠨ ᠳᠤ ᠶᠠᠪᠠᠭᠠᠨ ᠵᠡᠭᠡᠯᠢ ᠶᠢᠨ | ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵ᠲᠥᠰᠥᠯ︶ ᠶᠢᠨ ᠵᠠᠷᠤᠳᠠᠯ ᠤᠨ ᠨᠥᠬᠦᠪᠦᠷᠢ ᠣᠯᠭᠤᠵᠤ᠂ | ᠨᠥᠬᠦᠪᠦᠷᠢ ᠶᠢᠨ ᠪᠠᠷᠢᠮᠵᠢᠶᠠ ᠶᠢ ᠲᠥᠯᠦᠪᠵᠢᠭᠦᠯᠭᠡ ︵ᠲᠥᠰᠥᠯ︶ ᠶᠢ ᠭᠠᠷᠭᠠᠬᠤ ᠭᠡᠷᠡ ᠶᠢᠨ ᠵᠣᠭᠤᠰ ᠤᠨ ᠭᠤᠷᠪᠠᠨ ᠤ | ᠨᠢᠭᠡ ᠪᠠᠷ ᠲᠣᠭᠲᠠᠵᠤ᠂ ᠨᠥᠬᠦᠪᠦᠷᠢ ᠮᠥᠩᠭᠦ ᠶᠢ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ | ᠡᠳ᠋ ᠤᠨ ᠵᠠᠰᠠᠭ ᠤᠨ ᠲᠣᠪᠴᠢᠶᠠ᠂ ᠡᠯᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠳᠥᠷᠪᠡ︶ ᠳᠡᠯᠭᠡᠭᠦᠷ ᠤᠨ ᠲᠤᠭᠠ ᠪᠠᠨ ᠥᠷᠭᠡᠳᠬᠡᠬᠦ ᠶᠢ ᠳᠡᠮᠵᠢᠨᠡ᠃ ᠮᠠᠨ ᠤ ᠬᠤᠲᠠ ᠳᠤ | ᠪᠠᠶᠢᠭᠠ ᠰᠢᠭᠤᠳ ᠡᠵᠡᠩᠨᠡᠯᠲᠡ ᠪᠤᠶᠤ ᠬᠤᠯᠪᠣᠭᠠᠨ ᠤ ᠳᠡᠯᠭᠡᠭᠦᠷ ᠤᠨ ᠲᠤᠭᠠ ᠨᠢ 30 ᠶᠢ ᠳᠠᠪᠠᠭᠰᠠᠨ ᠲᠥᠷᠥᠯ | ᠲᠡᠮᠳᠡᠭᠲᠦ ᠬᠡᠯᠬᠢᠶᠡ ᠲᠥᠳᠡ ᠠᠵᠤ ᠠᠬᠤᠶᠢᠯᠠᠯ ᠳᠤ᠂ ︽ᠵᠢᠷᠭᠤᠭᠠᠨ ᠨᠢᠭᠡᠳᠦᠯᠲᠡᠢ︾ ᠪᠠᠷᠢᠮᠵᠢᠶᠠ ᠶᠢᠨ ᠱᠠᠭᠠᠷᠳᠠᠯᠭᠠ | ᠶᠣᠰᠣᠭᠠᠷ᠂ 50 ᠲᠡᠭᠰᠢ ᠳᠥᠷᠪᠡᠯᠵᠢᠨ ᠮᠧᠲᠷ ᠠᠴᠠ ᠪᠠᠭᠠ ᠦᠭᠡᠢ ᠲᠠᠯᠠᠪᠠᠢ ᠲᠠᠢ ᠮᠥᠷᠲᠡᠭᠡᠨ ᠡᠵᠡᠩᠨᠡᠭᠰᠡᠨ | ᠬᠤᠭᠤᠴᠠᠭᠠ ᠨᠢ ᠨᠢᠭᠡ ᠵᠢᠯ ᠠᠴᠠ ᠳᠣᠣᠷᠠ ᠦᠭᠡᠢ ᠰᠢᠨᠡ ᠪᠠᠷ ᠨᠡᠭᠡᠭᠡᠭᠰᠡᠨ ᠰᠢᠭᠤᠳ ᠡᠵᠡᠩᠨᠡᠯᠲᠡ ᠶᠢᠨ ᠳᠡᠯᠭᠡᠭᠦᠷ | ᠨᠢᠭᠡᠪᠦᠷᠢ ᠳᠤ ᠨᠢᠭᠡ ᠤᠳᠠᠭᠠ ᠶᠢᠨ ᠴᠢᠨᠠᠷᠲᠠᠢ 2 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ 50 ᠲᠡᠭᠰᠢ | ᠳᠥᠷᠪᠡᠯᠵᠢᠨ ᠮᠧᠲᠷ ᠠᠴᠠ ᠪᠠᠭᠠ ᠦᠭᠡᠢ ᠮᠥᠷᠲᠡᠭᠡᠨ ᠡᠵᠡᠩᠨᠡᠭᠰᠡᠨ ᠬᠤᠭᠤᠴᠠᠭᠠ ᠨᠢ ᠨᠢᠭᠡ ᠵᠢᠯ ᠠᠴᠠ ᠳᠣᠣᠷᠠ | ᠦᠭᠡᠢ ᠬᠤᠯᠪᠣᠭᠠᠨ ᠤ ᠳᠡᠯᠭᠡᠭᠦᠷ ᠨᠢᠭᠡᠪᠦᠷᠢ ᠳᠤ ᠨᠢᠭᠡ ᠤᠳᠠᠭᠠ ᠶᠢᠨ ᠴᠢᠨᠠᠷᠲᠠᠢ 1 ᠲᠦᠮᠡᠨ ᠲᠥᠭᠦᠷᠢᠭ ᠤᠨ | ᠨᠥᠬᠦᠪᠦᠷᠢ ᠣᠯᠭᠤᠵᠤ᠂ ᠳᠡᠭᠡᠷᠡᠬᠢ ᠭᠠᠭᠴᠠ ᠬᠡᠯᠬᠢᠶᠡ ᠠᠵᠤ ᠠᠬᠤᠶᠢᠯᠠᠯ ᠤᠨ ᠵᠢᠯ ᠪᠦᠷᠢ ᠶᠢᠨ ᠭᠥᠷᠳᠡᠬᠦ ᠲᠣᠰ | ᠵᠦᠢᠯ ᠤᠨ ᠨᠥᠬᠦᠪᠦᠷᠢ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠲᠠᠪᠤ︶ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠳᠤ ᠣᠷᠣᠵᠤ ᠰᠠᠭᠤᠭᠰᠠᠨ ᠲᠥᠷᠥᠯ | ᠲᠡᠮᠳᠡᠭᠲᠦ ᠠᠵᠤ ᠠᠬᠤᠶᠢᠯᠠᠯ ᠢ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠤᠨ ᠰᠠᠯᠠᠭᠠ ᠮᠥᠴᠢᠷ ᠠᠴᠠ | ᠳᠡᠯᠭᠡᠨ ᠦᠵᠡᠭᠦᠯᠬᠦ ᠪᠠᠶᠢᠷᠢ ᠶᠢᠨ ᠰᠦᠢᠳᠬᠡᠯ ᠤᠨ ᠨᠥᠬᠦᠪᠦᠷᠢ ᠣᠯᠭᠤᠳᠠᠭ ᠣᠯᠠᠨ ᠤᠯᠤᠰ ᠤᠨ ᠴᠢᠨᠠᠷᠲᠠᠢ᠂ ᠪᠥᠬᠦ | ᠤᠯᠤᠰ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠦᠵᠡᠰᠬᠦᠯᠡᠩ᠂ ᠲᠠᠨᠢᠯᠴᠠᠭᠤᠯᠭᠠ ᠶᠢᠨ ᠬᠤᠷᠠᠯ ᠳᠤ | ᠤᠷᠢᠳᠠᠪᠠᠷ ᠲᠠᠨᠢᠯᠴᠠᠭᠤᠯᠤᠨ ᠣᠷᠣᠯᠴᠠᠭᠤᠯᠤᠨᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠷ | ᠠᠴᠢᠶᠠᠯᠠᠪᠤᠷᠢ ᠪᠣᠯᠭᠠᠨ ᠡᠯᠪᠡᠭ ᠪᠠᠶᠠᠯᠢᠭ ᠲᠠᠩᠰᠤᠭ ᠰᠠᠶᠢᠬᠠᠨ ᠠᠮᠲᠠᠲᠤ ᠢᠳᠡᠭᠡᠨ ᠤ ᠪᠠᠶᠠᠷ ᠳᠤᠷᠠᠰᠬᠠᠯ ᠤᠨ | ᠠᠵᠢᠯᠯᠠᠭᠠ᠂ ᠣᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭᠠ ᠪᠠ ᠣᠯᠠᠨ ᠤᠯᠤᠰ ᠤᠨ ᠰᠣᠯᠢᠯᠴᠠᠭᠠᠨ ᠤ | ᠠᠵᠢᠯᠯᠠᠭᠠ ᠥᠷᠨᠢᠭᠦᠯᠬᠦ ᠶᠢ ᠵᠣᠷᠢᠭᠵᠢᠭᠤᠯᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶᠠ᠂ ᠰᠣᠶᠣᠯ ᠵᠢᠭᠤᠯᠴᠢᠯᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠵᠢᠷᠭᠤᠭᠠ︶ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠷᠭᠦᠯᠵᠢᠯᠡᠨ ᠡᠵᠡᠩᠨᠡᠵᠦ ᠪᠠᠶᠢᠭᠠ | ᠲᠣᠮᠣ ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ | ᠠᠵᠤ ᠠᠬᠤᠶᠢᠯᠠᠯ ᠳᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ᠂ | ᠠᠷᠢᠭᠤᠳᠬᠠᠯ ᠤᠨ ᠵᠠᠷᠤᠯᠭᠠ ᠶᠢᠨ ᠨᠦᠬᠦᠪᠦᠷᠢ ᠦᠭᠴᠦ ᠳᠡᠮᠵᠢᠯᠭᠡ ᠦᠵᠡᠭᠦᠯᠦᠨᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ | ᠰᠣᠶᠣᠯ ᠵᠢᠭᠤᠯᠴᠢᠯᠠᠯ ᠤᠨ ᠲᠣᠪᠴᠢᠶᠠ᠂ ᠵᠠᠬᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠳᠣᠯᠤᠭᠠ︶ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ | ᠵᠣᠭᠤᠰ ᠤᠨ ᠲᠤᠭᠠ ᠨᠢ 10 ᠲᠦᠮᠡᠨ ᠳ᠋ᠣᠯᠯᠠᠷ ᠲᠤ ᠬᠦᠷᠦᠭᠰᠡᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ ᠳᠤ᠂ ᠠᠷᠠᠯᠵᠢᠶᠠᠨ ᠤ ᠵᠣᠭᠤᠰ ᠤᠨ ᠲᠤᠭᠠ ᠶᠢᠨ 5% ᠪᠠᠷ ᠪᠡᠯᠡ ᠮᠥᠩᠭᠦ ᠶᠢᠨ | ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠷᠠᠳ ᠤᠨ ᠵᠣᠭᠤᠰ ᠠᠴᠠ | ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ | ᠡᠳ᠋ ᠤᠨ ᠵᠠᠰᠠᠭ ᠤᠨ ᠲᠣᠪᠴᠢᠶᠠ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢᠨ ᠨᠠᠢᠮᠠ︶ 20 ᠠᠴᠠ ᠣᠯᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠢᠯᠡᠴᠢᠯᠡᠵᠦ᠂ ᠵᠢᠯ ᠤᠨ ᠰᠦᠯᠵᠢᠶᠡᠨ | ᠳᠡᠭᠡᠷᠡ ᠠᠷᠠᠯᠵᠢᠶᠠᠯᠠᠭᠰᠠᠨ ᠵᠣᠭᠤᠰ ᠤᠨ ᠲᠤᠭᠠ ᠨᠢ 1000 ᠲᠦᠮᠡᠨ ᠳ᠋ᠣᠯᠯᠠᠷ ᠲᠤ ᠬᠦᠷᠦᠭᠰᠡᠨ ᠭᠤᠷᠪᠠᠳᠠᠭᠢ | ᠡᠲᠡᠭᠡᠳ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠠᠵᠤ ᠠᠬᠤᠶᠢᠯᠠᠯ ᠳᠤ᠂ | ᠰᠦᠯᠵᠢᠶᠡᠨ ᠳᠡᠭᠡᠷᠡ ᠠᠷᠠᠯᠵᠢᠶᠠᠯᠠᠭᠰᠠᠨ ᠵᠣᠭᠤᠰ ᠤᠨ ᠲᠤᠭᠠ ᠶᠢᠨ 1% ᠪᠠᠷ ᠪᠡᠯᠡ ᠮᠥᠩᠭᠦ ᠶᠢᠨ ᠳᠡᠮᠵᠢᠯᠭᠡ | ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ | ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ | ᠵᠠᠰᠠᠭ ᠤᠨ ᠲᠣᠪᠴᠢᠶᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠰᠠᠶᠢᠬᠠᠨ | ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠬᠤᠷᠢ ᠶᠢᠰᠦ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ | ᠲᠢᠩᠬᠢᠮ ᠠᠴᠠ ᠨᠤᠲᠠᠯᠠᠨ ᠲᠤᠭᠲᠠᠭᠠᠭᠰᠠᠨ ᠮᠥᠷᠲᠡᠭᠡᠨ ᠪᠦᠬᠦᠯᠢ ᠨᠢᠭᠡ ᠵᠢᠯ ᠡᠵᠡᠩᠨᠡᠭᠰᠡᠨ᠂ ᠪᠣᠳᠠᠲᠠᠢ ᠬᠡᠷᠡᠭᠯᠡᠭᠡᠨ ᠤ | ᠲᠠᠯᠠᠪᠠᠶ ᠨᠢ 3000 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠮᠥᠷᠲᠡᠭᠡᠨ ᠣᠷᠣᠵᠤ ᠰᠠᠭᠤᠭᠰᠠᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠢ 20 ᠶᠢ ᠳᠠᠪᠠᠭᠰᠠᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠲᠤ᠂ ᠡᠵᠡᠩᠨᠡᠭᠴᠢ ᠶᠢᠨ ᠲᠠᠯᠠ ᠳᠤ | ᠲᠡᠭᠰᠢ ᠳᠥᠷᠪᠡᠯᠵᠢᠨ ᠮᠧᠲᠷ ᠪᠦᠷᠢ ᠳᠤ ᠠᠷᠠᠳ ᠤᠨ ᠵᠣᠭᠤᠰ ᠢᠶᠠᠷ 100 ᠲᠥᠭᠦᠷᠢᠭ ᠤᠨ ᠨᠢᠭᠡ ᠤᠳᠠᠭᠠ ᠶᠢᠨ | ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ | ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ᠬᠠᠷᠢᠭᠤᠴᠠᠯᠭᠠᠲᠤ ᠨᠢᠭᠡᠴᠡ᠃ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ᠂ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ | ᠪᠣᠭᠤᠮᠲᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢ︶ ᠡᠵᠡᠩᠨᠡᠯᠲᠡ ᠶᠢᠨ ᠨᠡᠶᠢᠲᠡ ᠲᠠᠯᠠᠪᠠᠶ ᠨᠢ 500 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ | ᠮᠥᠷᠲᠡᠭᠡᠨ ᠪᠦᠬᠦᠯᠢ ᠨᠢᠭᠡ ᠵᠢᠯ ᠡᠵᠡᠩᠨᠡᠭᠰᠡᠨ᠂ ᠵᠢᠯ ᠤᠨ ᠠᠷᠠᠯᠵᠢᠶᠠᠨ ᠤ ᠵᠣᠭᠤᠰ ᠤᠨ ᠲᠤᠭᠠ ᠨᠢ 100 ᠲᠦᠮᠡᠨ | ᠳ᠋ᠣᠯᠯᠠᠷ ᠢ ᠳᠠᠪᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ O2O ᠰᠦᠯᠵᠢᠶᠡᠨ ᠭᠠᠳᠠᠨᠠᠬᠢ | ᠪᠡᠶᠡᠴᠢᠯᠡᠨ ᠣᠶᠢᠯᠠᠭᠠᠬᠤ ᠳᠡᠯᠭᠡᠭᠦᠷ ᠲᠤ ᠲᠡᠭᠰᠢ ᠳᠥᠷᠪᠡᠯᠵᠢᠨ ᠮᠧᠲᠷ ᠪᠦᠷᠢ ᠳᠤ 300 ᠲᠥᠭᠦᠷᠢᠭ ᠠᠷᠠᠳ ᠤᠨ | ᠵᠣᠭᠤᠰ ᠤᠨ ᠪᠠᠷᠢᠮᠵᠢᠶᠠ ᠪᠠᠷ ᠨᠢᠭᠡ ᠤᠳᠠᠭᠠ ᠶᠢᠨ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ | ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠷᠠᠳ ᠤᠨ ᠵᠣᠭᠤᠰ ᠠᠴᠠ ᠬᠡᠲᠦᠷᠡᠭᠦᠯᠬᠦ ᠦᠭᠡᠢ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠤᠷᠢᠨᠭᠡᠷ ᠰᠢᠨᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠰᠠᠶᠢᠬᠠᠨ ᠲᠣᠭᠤᠷᠢᠭ ᠤᠨ ᠪᠣᠭᠤᠮᠲᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ | ︵ᠭᠤᠴᠢᠨ ᠨᠢᠭᠡ︶ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨᠡ᠃ | ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨᠡ ᠶᠢ | ᠡᠭᠦᠳᠬᠦ ᠲᠥᠪ ᠲᠤ ᠥᠪᠡᠷᠲᠡᠭᠡᠨ ᠵᠠᠰᠠᠬᠤ ᠣᠷᠣᠨ ᠤ ᠳᠡᠮᠵᠢᠬᠦ ᠠᠷᠭᠠ ᠮᠠᠶ᠋ᠢᠭ ᠤᠨ ᠶᠣᠰᠣᠭᠠᠷ᠂ 1᠄ 1 ᠶᠢᠨ ᠢᠵᠢ | ᠪᠦᠷᠢᠳᠦᠭᠦᠯᠬᠦ ᠵᠠᠷᠤᠳᠠᠯ ᠤᠨ ᠳᠡᠮᠵᠢᠯᠭᠡ ᠣᠯᠭᠤᠨᠠ᠃ ᠪᠦᠲᠦᠭᠡᠨ ᠪᠠᠶᠢᠭᠤᠯᠬᠤ ᠶᠢ ᠵᠥᠪᠰᠢᠶᠡᠷᠡᠭᠰᠡᠨ ᠥᠪᠡᠷᠲᠡᠭᠡᠨ | ᠵᠠᠰᠠᠬᠤ ᠣᠷᠣᠨ ᠤ ᠰᠢᠨᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ | ᠱᠠᠭᠠᠷᠳᠠᠯᠭᠠ ᠶᠣᠰᠣᠭᠠᠷ᠂ ᠵᠣᠬᠢᠬᠤ ᠢᠵᠢ ᠪᠦᠷᠢᠳᠦᠭᠦᠯᠬᠦ ᠵᠠᠷᠤᠳᠠᠯ ᠤᠨ ᠳᠡᠮᠵᠢᠯᠭᠡ ᠦᠵᠡᠭᠦᠯᠦᠨᠡ᠃ ᠰᠢᠨᠡ ᠪᠠᠷ | ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ | ᠠᠬᠤᠶᠢᠯᠠᠯ ᠤᠨ ᠭᠤᠣᠯᠳᠠᠯᠭᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ | ᠲᠥᠪ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠨᠢᠭᠡ ᠤᠳᠠᠭᠠ ᠶᠢᠨ ᠴᠢᠨᠠᠷᠲᠠᠢ ᠪᠠᠷ ᠲᠣᠰ ᠲᠣᠰ 200 | ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠄ ᠰᠢᠨᠡ ᠪᠠᠷ | ᠵᠥᠪᠰᠢᠶᠡᠷᠡᠭᠳᠡᠭᠰᠡᠨ ︵ᠳᠠᠩᠰᠠᠯᠠᠭᠤᠯᠤᠭᠰᠠᠨ︶ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ | ᠤᠳᠠᠭᠠ ᠶᠢᠨ ᠴᠢᠨᠠᠷᠲᠠᠢ 200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ︔ ᠰᠢᠨᠡ ᠪᠠᠷ | ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠤ ᠨᠢᠭᠡ ᠤᠳᠠᠭᠠ ᠶᠢᠨ ᠴᠢᠨᠠᠷᠲᠠᠢ 20 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠬᠤᠶᠠᠷ︶ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠶᠯᠡᠳᠬᠦ | ᠦᠢᠯᠡᠰ ᠤᠨ ᠰᠢᠨᠡ ᠶᠢ ᠡᠭᠦᠳᠬᠦ ᠲᠥᠪ ᠪᠣᠯᠭᠠᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠳᠤ ᠲᠣᠰ ᠲᠣᠰ | 800 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠤᠳᠠᠭᠠ ᠶᠢᠨ ᠴᠢᠨᠠᠷᠲᠠᠢ ᠵᠠᠷᠤᠳᠠᠯ ᠤᠨ | ᠳᠡᠮᠵᠢᠯᠭᠡ ᠣᠯᠭᠤᠨᠠ᠃ ᠰᠢᠨᠡ ᠪᠠᠷ ᠨᠤᠲᠠᠯᠠᠨ ᠲᠤᠭᠲᠠᠭᠠᠭᠰᠠᠨ ᠤᠯᠤᠰ ᠤᠨ ᠲᠠᠰ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠲᠣᠰ ᠲᠣᠰ 200 ᠲᠦᠮᠡᠨ ᠲᠥᠭᠦᠷᠢᠭ᠂ | 50 ᠲᠦᠮᠡᠨ ᠲᠥᠭᠦᠷᠢᠭ ᠤᠨ ᠨᠢᠭᠡ ᠤᠳᠠᠭᠠ ᠶᠢᠨ ᠴᠢᠨᠠᠷᠲᠠᠢ ᠵᠠᠷᠤᠳᠠᠯ ᠤᠨ ᠳᠡᠮᠵᠢᠯᠭᠡ ᠣᠯᠭᠤᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ | ᠬᠤᠪᠢᠷᠠᠭᠤᠯᠬᠤ ᠵᠢᠱᠢᠶᠡ ᠦᠵᠡᠭᠦᠯᠬᠦ ᠣᠷᠣᠨ ᠬᠢᠭᠡᠳ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠡᠮᠵᠢᠨᠡ᠃ ᠰᠢᠨᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠵᠢᠱᠢᠶᠡ | ᠦᠵᠡᠭᠦᠯᠬᠦ ᠣᠷᠣᠨ ᠳᠤ ᠨᠢᠭᠡ ᠤᠳᠠᠭᠠ ᠶᠢᠨ ᠴᠢᠨᠠᠷᠲᠠᠢ ᠲᠣᠰ ᠲᠣᠰ 300 ᠲᠦᠮᠡᠨ ᠲᠥᠭᠦᠷᠢᠭ᠂ 100 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ᠰᠢᠨᠡ ᠪᠠᠷ ᠵᠥᠪᠰᠢᠶᠡᠷᠡᠭᠳᠡᠭᠰᠡᠨ ᠤ ᠳᠠᠷᠠᠭᠠ ᠠᠩᠬᠠ | ᠤᠳᠠᠭᠠ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ | ᠣᠯᠣᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ ᠢ | ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ ᠰᠠᠭᠤᠷᠢᠨ ᠭᠠᠵᠠᠷ ᠲᠤ ᠨᠢᠭᠡ ᠤᠳᠠᠭᠠ ᠶᠢᠨ ᠴᠢᠨᠠᠷᠲᠠᠢ ᠪᠠᠷ 100 | ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ᠶᠡᠭᠡ ᠳᠡᠭᠡᠳᠦ ᠰᠤᠷᠭᠠᠭᠤᠯᠢ ᠬᠦᠷᠢᠶᠡᠯᠡᠩ | ᠭᠠᠵᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷᠡ ᠪᠦᠲᠦᠭᠡᠯ ᠢ ᠰᠢᠯᠵᠢᠭᠦᠯᠬᠦ ᠤᠯᠠᠷᠢᠭᠤᠯᠤᠨ ᠬᠤᠪᠢᠷᠠᠭᠤᠯᠬᠤ | ᠵᠢᠱᠢᠶᠡ ᠦᠵᠡᠭᠦᠯᠬᠦ ᠣᠷᠣᠨ ᠪᠤᠶᠤ ᠰᠠᠭᠤᠷᠢᠨ ᠭᠠᠵᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠷᠡ | ᠪᠦᠲᠦᠭᠡᠯ ᠢᠶᠠᠨ ᠪᠣᠳᠠᠲᠠᠢ ᠤᠯᠠᠷᠢᠭᠤᠯᠤᠨ ᠬᠤᠪᠢᠷᠠᠭᠤᠯᠤᠭᠰᠠᠨ ᠪᠣᠯ 50 ᠲᠦᠮᠡᠨ ᠲᠥᠭᠦᠷᠢᠭ ᠠᠴᠠ 200 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠳᠥᠷᠪᠡ︶ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨᠠ᠃ ᠰᠢᠨᠡ ᠪᠠᠷ ᠵᠥᠪᠰᠢᠶᠡᠷᠡᠭᠳᠡᠭᠰᠡᠨ ᠤ ᠳᠠᠷᠠᠭᠠ ᠠᠩᠬᠠ ᠤᠳᠠᠭᠠ ᠥᠪᠡᠷᠲᠡᠭᠡᠨ | ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠨᠢᠭᠡ ᠤᠳᠠᠭᠠ ᠶᠢᠨ | ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ | ᠰᠤᠷᠭᠠᠭᠤᠯᠢ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠠ ᠣᠯᠠᠨ ᠢᠶᠠᠷ ᠢᠶᠠᠨ ᠰᠢᠨᠡ ᠶᠢ ᠡᠭᠦᠳᠬᠦ ᠣᠷᠣᠨ | ᠵᠠᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨᠡ᠃ ᠰᠢᠨᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ ᠰᠤᠷᠭᠠᠭᠤᠯᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ᠂ ᠪᠥᠬᠦᠳᠡ ᠣᠯᠠᠨ ᠢᠶᠠᠷ ᠢᠶᠠᠨ ᠦᠢᠯᠡᠰ ᠴᠣᠭᠴᠠᠯᠠᠵᠤ ᠲᠦᠮᠡᠨ | ᠣᠯᠠᠨ ᠢᠶᠠᠷ ᠢᠶᠠᠨ ᠰᠢᠨᠡ ᠶᠢ ᠡᠭᠦᠳᠬᠦ ᠵᠢᠱᠢᠶᠡ ᠦᠵᠡᠭᠦᠯᠬᠦ ᠰᠠᠭᠤᠷᠢᠨ ᠭᠠᠵᠠᠷ᠂ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠨᠢᠭᠡ ᠤᠳᠠᠭᠠ ᠶᠢᠨ ᠴᠢᠨᠠᠷᠲᠠᠢ ᠪᠠᠷ 100 | ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ︔ ᠰᠢᠨᠡ ᠪᠠᠷ ᠳᠠᠩᠰᠠᠯᠠᠭᠤᠯᠤᠭᠰᠠᠨ ᠤᠯᠤᠰ ᠤᠨ | ᠲᠤᠰᠬᠠᠢ ᠮᠡᠷᠭᠡᠵᠢᠯ ᠤᠨ ᠣᠯᠠᠨ ᠢᠶᠠᠷ ᠢᠶᠠᠨ ᠰᠢᠨᠡ ᠶᠢ ᠡᠭᠦᠳᠬᠦ ᠣᠷᠣᠨ ᠵᠠᠢ᠂ ᠰᠢᠨᠡ ᠪᠠᠷ ᠵᠥᠪᠰᠢᠶᠡᠷᠡᠭᠳᠡᠭᠰᠡᠨ | ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠳᠤ ᠨᠢᠭᠡ ᠤᠳᠠᠭᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠱᠠᠩᠨᠠᠯ ᠤᠨ | ᠳᠡᠮᠵᠢᠯᠭᠡ ᠣᠯᠭᠤᠨᠠ︔ ᠰᠢᠨᠡ ᠪᠠᠷ ᠵᠥᠪᠰᠢᠶᠡᠷᠡᠭᠳᠡᠭᠰᠡᠨ ᠤ ᠳᠠᠷᠠᠭᠠ ᠠᠩᠬᠠ ᠤᠳᠠᠭᠠ ᠥᠪᠡᠷᠲᠡᠭᠡᠨ ᠵᠠᠰᠠᠬᠤ | ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ | ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ | ᠣᠯᠠᠨ ᠢᠶᠠᠷ ᠢᠶᠠᠨ ᠰᠢᠨᠡ ᠶᠢ ᠡᠭᠦᠳᠬᠦ ᠣᠷᠣᠨ ᠵᠠᠢ ᠳᠤ ᠨᠢᠭᠡ ᠤᠳᠠᠭᠠ ᠶᠢᠨ ᠴᠢᠨᠠᠷᠲᠠᠢ ᠪᠠᠷ 50 ᠲᠦᠮᠡᠨ | ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠵᠢᠷᠭᠤᠭᠠ︶ ᠠᠵᠤ ᠠᠬᠤᠶᠢᠯᠠᠯ ᠤᠨ ᠰᠢᠨᠡ ᠶᠢ ᠡᠭᠦᠳᠦᠨ ᠬᠥᠭᠵᠢᠬᠦ ᠶᠢ ᠳᠡᠮᠵᠢᠨᠡ᠃ | ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢ ᠣᠯᠣᠭᠰᠠᠨ ᠤᠯᠤᠰ ᠤᠨ ᠳᠡᠭᠡᠳᠦ ᠰᠢᠨᠡ ᠮᠡᠷᠭᠡᠵᠢᠯ ᠤᠨ | ᠠᠵᠤ ᠠᠬᠤᠶᠢᠯᠠᠯ ᠳᠤ ᠨᠢᠭᠡ ᠤᠳᠠᠭᠠ ᠶᠢᠨ ᠴᠢᠨᠠᠷᠲᠠᠢ 10 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ | ᠣᠯᠭᠤᠨᠠ᠃ ᠳᠡᠭᠡᠷᠡ ᠵᠢᠯ ᠨᠢ ᠪᠤᠶᠤ ᠲᠣᠰ ᠵᠢᠯ ᠳᠤ ᠨᠢᠭᠡᠨᠲᠡ ᠬᠥᠮᠥᠷᠭᠡ ᠳᠤ ᠣᠷᠣᠭᠰᠠᠨ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠ ᠠᠴᠠ ᠠᠩᠬᠠ ᠤᠳᠠᠭᠠ ᠤᠯᠤᠰ ᠤᠨ ᠳᠡᠭᠡᠳᠦ ᠰᠢᠨᠡ ᠮᠡᠷᠭᠡᠵᠢᠯ ᠤᠨ ᠠᠵᠤ | ᠠᠬᠤᠶᠢᠯᠠᠯ ᠢᠶᠠᠷ ᠲᠠᠨᠢᠯᠴᠠᠭᠤᠯᠤᠨ ᠮᠡᠳᠡᠭᠦᠯᠦᠭᠰᠡᠨ ᠪᠠᠶᠢᠪᠠᠯ᠂ ᠨᠢᠭᠡ ᠤᠳᠠᠭᠠ ᠶᠢᠨ ᠴᠢᠨᠠᠷᠲᠠᠢ ᠪᠠᠷ 3 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠳᠣᠯᠤᠭᠠ︶ ᠠᠵᠤ ᠠᠬᠤᠶᠢᠯᠠᠯ ᠤᠯᠤᠰ ᠤᠨ ᠡᠯᠡ ᠲᠥᠷᠥᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠦᠢᠯ ᠢ ᠭᠤᠶᠤᠴᠢᠯᠠᠵᠤ ᠮᠡᠳᠡᠭᠦᠯᠬᠦ ᠶᠢ ᠳᠡᠮᠵᠢᠨᠡ᠃ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠳᠡᠮᠵᠢᠯᠭᠡ ᠶᠢ ᠣᠯᠵᠤ᠂ ᠲᠣᠰ ᠭᠠᠵᠠᠷ ᠣᠷᠣᠨ ᠳᠠᠭᠠᠨ | ᠬᠡᠷᠡᠭᠵᠢᠭᠦᠯᠬᠦ ᠶᠢᠨ ᠬᠠᠮᠲᠤ ᠰᠢᠯᠭᠠᠨ ᠠᠪᠬᠤ ᠶᠢ ᠦᠩᠭᠡᠷᠡᠵᠦ᠂ ᠣᠯᠣᠭᠰᠠᠨ ᠤᠯᠤᠰ ᠠᠴᠠ ᠰᠠᠯᠭᠠᠨ ᠥᠭᠭᠦᠭᠰᠡᠨ | ᠪᠡᠯᠡ ᠮᠥᠩᠭᠦ ᠨᠢ 200 ︱ 500 ᠲᠦᠮᠡᠨ ᠲᠥᠭᠦᠷᠢᠭ ︵500 ᠲᠦᠮᠡᠨ ᠲᠥᠭᠦᠷᠢᠭ ᠪᠠᠭᠲᠠᠨᠠ︶ ᠪᠠᠶᠢᠪᠠᠯ᠂ | ᠨᠢᠭᠡ ᠤᠳᠠᠭᠠ ᠶᠢᠨ ᠴᠢᠨᠠᠷᠲᠠᠢ 20 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ | ᠳᠡᠮᠵᠢᠯᠭᠡ ᠣᠯᠭᠤᠨᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 500 ᠲᠦᠮᠡᠨ | ᠲᠥᠭᠦᠷᠢᠭ ᠠᠴᠠ 1000 ᠲᠦᠮᠡᠨ ᠲᠥᠭᠦᠷᠢᠭ ︵1000 ᠲᠦᠮᠡᠨ ᠲᠥᠭᠦᠷᠢᠭ ᠪᠠᠭᠲᠠᠨᠠ︶ ᠪᠠᠶᠢᠪᠠᠯ᠂ ᠨᠢᠭᠡ | ᠤᠳᠠᠭᠠ ᠶᠢᠨ ᠴᠢᠨᠠᠷᠲᠠᠢ 30 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ | ᠣᠯᠭᠤᠨᠠ︔ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 1000 ᠲᠦᠮᠡᠨ | ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ ᠤᠳᠠᠭᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ | ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠭᠤᠴᠢᠨ ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠬᠥᠭᠵᠢᠯᠲᠡ ᠶᠢ ᠳᠡᠮᠵᠢᠨᠡ᠃ ᠰᠢᠨᠡ ᠪᠠᠷ ᠵᠥᠪᠰᠢᠶᠡᠷᠡᠭᠳᠡᠭᠰᠡᠨ ᠤ ᠳᠠᠷᠠᠭᠠ ᠠᠩᠬᠠ ᠤᠳᠠᠭᠠ ᠥᠪᠡᠷᠲᠡᠭᠡᠨ ᠵᠠᠰᠠᠬᠤ | ᠣᠷᠣᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠰᠢᠯᠢᠳᠡᠭ ᠣᠯᠣᠭᠰᠠᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ 10 ᠲᠦᠮᠡᠨ ᠲᠥᠭᠦᠷᠢᠭ ᠤᠨ | ᠱᠠᠩᠨᠠᠯ ᠤᠨ ᠳᠡᠮᠵᠢᠯᠭᠡ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨᠠ︶ | ︵ᠭᠤᠴᠢ ᠶᠢᠰᠦ︶ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠴᠢᠳᠠᠪᠤᠷᠢᠲᠠᠨ | ᠮᠡᠷᠭᠡᠵᠢᠯ ᠲᠥᠪᠯᠡᠷᠡᠭᠰᠡᠨ ᠭᠠᠵᠠᠷ ᠣᠷᠣᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ᠂ ᠰᠢᠨᠡ ᠶᠢ | ᠡᠭᠦᠳᠬᠦ ᠲᠥᠪ᠂ ᠲᠤᠰᠠᠭᠠᠷ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ︽ᠴᠢᠳᠠᠪᠤᠷᠢᠲᠠᠨ ᠤ ᠨᠢᠰᠦᠯᠲᠡ ᠶᠢᠨ | ᠭᠠᠵᠠᠷ︾ ᠪᠠᠶᠢᠭᠤᠯᠬᠤ ᠶᠢ ᠳᠡᠮᠵᠢᠵᠦ᠂ ᠰᠤᠳᠤᠯᠤᠨ ᠨᠡᠭᠡᠭᠡᠭᠰᠡᠨ ᠦᠷᠡ ᠪᠦᠲᠦᠭᠡᠯ ᠢᠶᠠᠨ ᠬᠥᠬᠡᠬᠤᠲᠠ ᠳᠤ ᠠᠪᠴᠢᠷᠠᠨ | ᠤᠯᠠᠷᠢᠭᠤᠯᠤᠨ ᠬᠤᠪᠢᠷᠠᠭᠤᠯᠤᠭᠰᠠᠨ ᠮᠥᠷᠲᠡᠭᠡᠨ ᠵᠢᠯ ᠤᠨ ᠡᠵᠡᠩᠨᠡᠯᠲᠡ ᠶᠢᠨ ᠣᠷᠣᠯᠭᠠ ᠨᠢ 1000 ᠲᠦᠮᠡᠨ | ᠲᠥᠭᠦᠷᠢᠭ ᠠᠴᠠ ᠳᠡᠭᠡᠭᠰᠢ ᠪᠠᠶᠢᠪᠠᠯ᠂ 50—100 ᠲᠦᠮᠡᠨ ᠲᠥᠭᠦᠷᠢᠭ ᠤᠨ ᠱᠠᠩᠨᠠᠯ ᠣᠯᠭᠤᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠳᠥᠴᠢ︶ ᠠᠵᠤ ᠠᠬᠤᠶᠢᠯᠠᠯ ᠤᠨ ᠬᠡᠷᠡᠭᠵᠢᠬᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷᠡ | ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠲᠥᠷᠥᠯ ᠵᠦᠢᠯ ᠳᠤ᠂ ᠲᠥᠷᠥᠯ ᠵᠦᠢᠯ ᠤᠨ ᠦᠢᠯᠡᠳᠪᠦᠷᠢᠯᠡᠯ ᠤᠨ | ᠴᠢᠨᠠᠷᠲᠠᠢ ᠪᠡᠯᠡ ᠣᠷᠣᠭᠤᠯᠤᠯᠲᠠ ︵ᠰᠤᠳᠤᠯᠤᠨ ᠨᠡᠭᠡᠭᠡᠬᠦ ᠣᠷᠣᠭᠤᠯᠤᠯᠲᠠ ᠶᠢ ᠪᠠᠭᠲᠠᠭᠠᠨᠠ︶ ᠶᠢᠨ 20% ᠪᠠᠷ | ᠨᠥᠬᠦᠪᠦᠷᠢ ᠥᠭᠴᠦ᠂ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠠᠵᠤ ᠠᠬᠤᠶᠢᠯᠠᠯ ᠭᠤᠣᠯᠯᠠᠨ ᠲᠣᠭᠲᠠᠭᠠᠭᠰᠠᠨ ᠪᠥᠭᠡᠳ ᠵᠥᠪᠰᠢᠶᠡᠷᠡᠭᠳᠡᠭᠰᠡᠨ ᠣᠯᠠᠨ ᠤᠯᠤᠰ ᠤᠨ ᠪᠠᠷᠢᠮᠵᠢᠶᠠ᠂ | ᠤᠯᠤᠰ ︵ᠠᠵᠢᠯ ᠲᠥᠷᠥᠯ︶ ᠤᠨ ᠪᠠᠷᠢᠮᠵᠢᠶᠠ ᠳᠤ ᠪᠠᠷᠢᠮᠵᠢᠶᠠ ᠨᠢᠭᠡᠪᠦᠷᠢ ᠶᠢ ᠲᠣᠰ ᠲᠣᠰ 50 ᠲᠦᠮᠡᠨ ᠲᠥᠭᠦᠷᠢᠭ᠂ | 30 ᠲᠦᠮᠡᠨ ᠲᠥᠭᠦᠷᠢᠭ ᠢᠶᠠᠷ ᠱᠠᠩᠨᠠᠨᠠ︔ ᠠᠵᠤ ᠠᠬᠤᠶᠢᠯᠠᠯ ᠣᠯᠠᠨ ᠤᠯᠤᠰ ᠤᠨ ᠪᠠᠷᠢᠮᠵᠢᠶᠠ᠂ ᠤᠯᠤᠰ ︵ᠠᠵᠢᠯ | ᠲᠥᠷᠥᠯ︶ ᠤᠨ ᠪᠠᠷᠢᠮᠵᠢᠶᠠ ᠶᠢ ᠲᠣᠭᠲᠠᠭᠠᠬᠤ ᠳᠤ ᠣᠷᠣᠯᠴᠠᠭᠰᠠᠨ ᠪᠥᠭᠡᠳ ᠵᠥᠪᠰᠢᠶᠡᠷᠡᠭᠳᠡᠪᠡᠯ᠂ ᠪᠠᠷᠢᠮᠵᠢᠶᠠ | ᠨᠢᠭᠡᠪᠦᠷᠢ ᠶᠢ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ ᠢᠶᠠᠷ ᠱᠠᠩᠨᠠᠵᠤ᠂ ᠭᠠᠭᠴᠠ ᠠᠵᠤ | ᠠᠬᠤᠶᠢᠯᠠᠯ ᠤᠨ ᠵᠢᠯ ᠪᠦᠷᠢ ᠶᠢᠨ ᠱᠠᠩᠨᠠᠯ ᠤᠨ ᠪᠡᠯᠡ ᠮᠥᠩᠭᠦ ᠶᠢ 200 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶᠠ | ᠂ ᠡᠯᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠ ᠬᠤᠲᠠ ᠶᠢᠨ | ᠬᠠᠮᠢᠶᠠ ᠪᠦᠬᠦᠢ ᠰᠠᠯᠠᠭᠠ ᠮᠥᠴᠢᠷ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠵᠢᠷᠭᠤᠭᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ | ︵ᠳᠥᠴᠢᠨ ᠨᠢᠭᠡ︶ ᠨᠡᠶᠢᠭᠡᠮ ᠤᠨ ᠬᠦᠴᠦᠨ ᠠᠴᠠ ᠡᠷᠬᠢᠯᠡᠭᠰᠡᠨ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ | ᠨᠠᠰᠤᠵᠢᠯ ᠤᠨ ᠪᠠᠶᠢᠭᠤᠯᠤᠮᠵᠢ ᠶᠢᠨ ᠡᠪᠡᠳᠴᠢᠲᠡᠨ ᠤ ᠣᠷᠣ ᠶᠢᠨ ᠡᠵᠡᠩᠨᠡᠯᠲᠡ ᠶᠢᠨ ᠨᠥᠬᠦᠪᠦᠷᠢ ᠳᠤ᠂ ᠲᠣᠰ 365cc彩票老版_365比分足球官网_365bet网上娱乐平台 | ᠬᠤᠲᠠ ᠶᠢᠨ ᠡᠷᠦᠬᠡ ᠠᠮᠠ ᠲᠠᠢ ᠳᠤᠮᠳᠠ ᠵᠡᠷᠭᠡ ᠪᠠᠷ ᠂ ᠬᠦᠨᠳᠦ ᠵᠡᠷᠭᠡ ᠪᠠᠷ ᠴᠢᠳᠠᠪᠤᠷᠢ ᠪᠠᠨ ᠠᠯᠳᠠᠭᠰᠠᠨ ᠣᠶᠤᠨ ᠨᠢ | ᠪᠠᠯᠠᠷᠠᠭᠰᠠᠨ ᠨᠠᠰᠤᠲᠠᠶᠢᠴᠤᠳ ᠲᠤ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ | ᠣᠷᠣ ᠶᠢᠨ ᠦᠢᠯᠡᠴᠢᠯᠡᠭᠡ ᠬᠠᠩᠭᠠᠭᠰᠠᠨ ᠪᠣᠯ᠂ ᠭᠡᠷ ᠪᠦᠯᠢ ᠳᠤᠨᠢ ᠰᠤᠪᠢᠯᠠᠬᠤ ᠬᠡᠯᠪᠡᠷᠢ ᠶᠢᠨ ᠨᠠᠰᠤᠵᠢᠯ ᠤᠨ | ᠠᠰᠠᠷᠠᠮᠵᠢ ᠶᠢᠨ ᠣᠷᠣ ᠶᠢᠨ ᠶᠡᠷᠦᠩᠬᠡᠶᠢᠯᠡᠭᠰᠡᠨ ᠡᠵᠡᠩᠨᠡᠯᠲᠡ ᠶᠢᠨ ᠨᠥᠬᠦᠪᠦᠷᠢ ᠬᠦᠷᠲᠡᠵᠦ᠂ ᠦᠨᠳᠦᠰᠦᠨ ᠪᠠᠷᠢᠮᠵᠢᠶᠠ | ᠡᠵᠡᠩᠨᠡᠯᠲᠡ ᠶᠢᠨ ᠨᠥᠬᠦᠪᠦᠷᠢ ᠶᠢ ᠲᠣᠰ ᠲᠣᠰ 150 ᠲᠥᠭᠦᠷᠢᠭ/ᠬᠥᠮᠥᠨ/ᠰᠠᠷᠠ᠂ 200 | ᠲᠥᠭᠦᠷᠢᠭ/ᠬᠥᠮᠥᠨ/ᠰᠠᠷᠠ ᠶᠢᠨ ᠪᠠᠷᠢᠮᠵᠢᠶᠠ ᠪᠠᠷ ᠣᠯᠭᠤᠵᠤ᠂ ᠬᠤᠶᠠᠳᠤᠭᠠᠷ ᠳᠡᠰ᠂ ᠭᠤᠷᠪᠠᠳᠤᠭᠠᠷ ᠳᠡᠰ᠂ | ᠳᠥᠷᠪᠡᠳᠦᠭᠡᠷ ᠳᠡᠰ᠂ ᠲᠠᠪᠤᠳᠤᠭᠠᠷ ᠳᠡᠰ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ | ᠨᠥᠬᠦᠪᠦᠷᠢ ᠶᠢ ᠲᠣᠰ ᠲᠣᠰ ᠦᠨᠳᠦᠰᠦᠨ ᠪᠠᠷᠢᠮᠵᠢᠶᠠ ᠨᠥᠬᠦᠪᠦᠷᠢ ᠶᠢᠨ 0.9 ᠳᠠᠬᠢᠨ᠂ 1 ᠳᠠᠬᠢᠨ᠂ 1.1 ᠳᠠᠬᠢᠨ᠂ | 1.2 ᠳᠠᠬᠢᠨ ᠢᠶᠠᠷ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶᠠ︶ | ︵ᠳᠥᠴᠢᠨ ᠬᠤᠶᠠᠷ︶ ᠵᠠᠰᠠᠭ ᠤᠨ ᠣᠷᠳᠣᠨ ᠠᠴᠠ ᠬᠤᠳᠠᠯᠳᠤᠨ ᠠᠪᠤᠭᠰᠠᠨ ᠦᠢᠯᠡᠴᠢᠯᠡᠭᠡ ᠶᠢ ᠭᠤᠷᠪᠠᠳᠠᠭᠢ | ᠡᠲᠡᠭᠡᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡ ᠬᠠᠩᠭᠠᠵᠤ ᠪᠠᠶᠢᠭᠠ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠵᠢᠯ | ᠪᠦᠷᠢ ᠦᠨᠡᠯᠡᠯᠲᠡ ᠬᠢᠨᠡ᠃ ᠦᠨᠡᠯᠡᠯᠲᠡ ᠳᠤ ᠦᠢᠯᠡᠴᠢᠯᠡᠭᠡᠨ ᠤ ᠶᠠᠰᠤ ᠴᠢᠨᠠᠷ ᠨᠢ 4A ᠲᠠᠰ ᠠᠴᠠ ᠳᠡᠭᠡᠭᠰᠢ | ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡᠨ ᠤ ᠶᠠᠰᠤ ᠴᠢᠨᠠᠷ ᠪᠠ ᠲᠤᠭᠠ ᠬᠡᠮᠵᠢᠶᠡ ᠶᠢ ᠨᠢ ᠦᠨᠳᠦᠰᠦᠯᠡᠨ 3 ︱ | 10 ᠲᠦᠮᠡᠨ ᠲᠥᠭᠦᠷᠢᠭ ᠤᠨ ᠱᠠᠩᠨᠠᠯ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶᠠ︶ | ︵ᠳᠥᠴᠢᠨ ᠭᠤᠷᠪᠠ︶ ᠠᠪᠤᠷᠠᠨ ᠲᠤᠰᠠᠯᠠᠬᠤ ᠪᠠᠷᠢᠮᠵᠢᠶᠠ ᠶᠢ ᠲᠣᠬᠢᠷᠠᠭᠤᠯᠬᠤ ᠲᠣᠭᠲᠠᠴᠠ ᠶᠢ | ᠵᠢᠷᠤᠮᠵᠢᠭᠤᠯᠤᠨᠠ᠃ ᠨᠠᠭᠠᠲᠤ ᠵᠠᠬᠠ ᠶᠢᠨ ᠪᠠᠲᠤᠯᠠᠭᠠ ᠶᠢᠨ ᠪᠠᠷᠢᠮᠵᠢᠶᠠ ᠶᠢ ᠬᠤᠲᠠ ᠬᠥᠳᠡᠭᠡ ᠶᠢᠨ ᠪᠠᠶᠢᠩᠭᠤ | ᠰᠠᠭᠤᠭᠠ ᠰᠠᠭᠤᠭᠠᠯᠢ ᠠᠷᠠᠳ ᠤᠨ ᠬᠥᠮᠥᠨ ᠳᠤᠮᠳᠠᠴᠢ ᠬᠡᠷᠡᠭᠯᠡᠭᠡᠨ ᠤ ᠵᠠᠷᠤᠯᠭᠠ ᠪᠤᠶᠤ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭᠠ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ᠂ ᠬᠥᠳᠡᠯᠦᠩᠭᠦᠢ ᠪᠠᠷ | ᠲᠣᠬᠢᠷᠠᠭᠤᠯᠤᠨᠠ᠃ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠ ᠶᠢ ᠬᠤᠲᠠ | ᠬᠥᠳᠡᠭᠡ ᠶᠢᠨ ᠨᠠᠭᠠᠲᠤ ᠵᠠᠬᠠ ᠶᠢᠨ ᠪᠠᠲᠤᠯᠠᠭᠠ ᠶᠢᠨ ᠪᠠᠷᠢᠮᠵᠢᠶᠠ ᠶᠢᠨ 1.3 ᠳᠠᠬᠢᠨ ᠠᠴᠠ ᠳᠣᠣᠷᠠ ᠦᠭᠡᠢ ᠪᠠᠷ | ᠲᠣᠭᠲᠠᠭᠠᠨᠠ︔ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠ ᠬᠡᠰᠡᠭ ᠠᠯᠳᠠᠭᠰᠠᠨ | ᠣᠨᠴᠠ ᠬᠦᠴᠢᠷᠳᠡᠯᠲᠡᠢ ᠬᠥᠮᠥᠰ ᠤᠨ ᠠᠰᠠᠷᠠᠨ ᠰᠤᠪᠢᠯᠠᠬᠤ ᠪᠠᠷᠢᠮᠵᠢᠶᠠ ᠶᠢ ᠪᠥᠬᠦ ᠬᠤᠲᠠ ᠶᠢᠨ ᠲᠦᠷᠦᠭᠦᠸ ᠵᠢᠯ ᠤᠨ | ᠨᠠᠭᠠᠲᠤ ᠵᠠᠬᠠ ᠶᠢᠨ ᠴᠠᠯᠢᠩ ᠤᠨ ᠪᠠᠷᠢᠮᠵᠢᠶᠠ ᠶᠢᠨ 65%᠂ 25% ᠪᠠᠷ ᠯᠠᠪᠯᠠᠯᠲᠠ ᠪᠣᠯᠭᠠᠵᠤ ᠲᠣᠭᠲᠠᠭᠠᠨᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠ︶ | ︵ᠳᠥᠴᠢᠨ ᠳᠥᠷᠪᠡ︶ ᠨᠡᠶᠢᠭᠡᠮ ᠠᠴᠠ ᠡᠷᠭᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠥᠪᠡᠷᠲᠡᠭᠡᠨ ᠵᠠᠰᠠᠬᠤ ᠣᠷᠣᠨ ᠤ ᠰᠢᠨᠡ ᠪᠠᠷ ᠪᠠᠶᠢᠭᠤᠯᠤᠭᠰᠠᠨ ᠳᠤ | 6000 ᠲᠥᠭᠦᠷᠢᠭ/ᠣᠷᠣ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠳᠤ 4000 ᠲᠥᠭᠦᠷᠢᠭ/ᠣᠷᠣ᠂ | ᠲᠦᠷᠢᠶᠡᠰᠦᠯᠡᠭᠰᠡᠨ ᠳᠤ 2000 ᠲᠥᠭᠦᠷᠢᠭ/ᠣᠷᠣ ᠶᠢᠨ ᠨᠢᠭᠡ ᠤᠳᠠᠭᠠ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠶᠢᠨ ᠨᠥᠬᠦᠪᠦᠷᠢ ᠶᠢ ᠬᠡᠷᠡᠭᠵᠢᠭᠦᠯᠦᠭᠰᠡᠨ ᠰᠠᠭᠤᠷᠢᠨ ᠳᠡᠭᠡᠷᠡ᠂ ᠳᠠᠬᠢᠨ ᠲᠣᠰ ᠲᠣᠰ 5000 | ᠲᠥᠭᠦᠷᠢᠭ/ᠣᠷᠣ᠂ 2000 ᠲᠥᠭᠦᠷᠢᠭ/ᠣᠷᠣ᠂ 1000 ᠲᠥᠭᠦᠷᠢᠭ/ᠣᠷᠣ ᠶᠢᠨ ᠨᠢᠭᠡ ᠤᠳᠠᠭᠠ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠵᠤ᠂ ᠨᠥᠬᠦᠪᠦᠷᠢ ᠪᠡᠯᠡ ᠮᠥᠩᠭᠦ ᠶᠢ 3᠄ 3᠄ 4 ᠶᠢᠨ | ᠬᠠᠷᠢᠴᠠᠯ ᠢᠶᠠᠷ ᠭᠤᠷᠪᠠᠨ ᠵᠢᠯ ᠬᠤᠪᠢᠶᠠᠨ ᠥᠭᠭᠦᠨᠡ᠃ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ | ᠨᠥᠬᠦᠪᠦᠷᠢ ᠶᠢ ᠥᠪᠡᠷᠲᠡᠭᠡᠨ ᠵᠠᠰᠠᠬᠤ ᠣᠷᠣᠨ ᠤ 100 ︱ 300 ᠲᠥᠭᠦᠷᠢᠭ ᠤᠨ ᠨᠦᠬᠦᠪᠦᠷᠢ ᠶᠢ | ᠬᠡᠷᠡᠭᠵᠢᠬᠦᠯᠦᠭᠰᠡᠨ ᠰᠠᠭᠤᠷᠢᠨ ᠳᠡᠭᠡᠷᠡ᠂ ᠮᠠᠨ ᠤ ᠬᠤᠲᠠ ᠲᠠᠬᠢᠭᠠᠳ ᠳᠡᠭᠡᠷᠡ ᠨᠢ 100 ︱ 300 | ᠲᠥᠭᠦᠷᠢᠭ ᠤᠨ ᠣᠷᠣ ᠶᠢᠨ ᠡᠵᠡᠩᠨᠡᠯᠲᠡ ᠶᠢᠨ ᠨᠥᠬᠦᠪᠦᠷᠢ ᠣᠯᠭᠤᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠ︶ | ︵ᠳᠥᠴᠢᠨ ᠲᠠᠪᠤ︶ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠥᠷᠭᠡᠳᠬᠡᠵᠦ᠂ ᠭᠡᠷ ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ᠂ ᠭᠡᠷ ᠠᠬᠤᠢ ᠶᠢᠨ ᠠᠵᠤ ᠠᠬᠤᠶᠢᠯᠠᠯ ᠤᠨ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠩᠭᠠᠯᠭᠠ ᠬᠡᠷᠡᠭᠴᠡᠭᠡ ᠶᠢ ᠵᠣᠯᠭᠠᠭᠤᠯᠬᠤ ᠶᠢ ᠳᠡᠮᠵᠢᠵᠦ᠂ | ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠡᠷ ᠠᠬᠤᠢ ᠶᠢᠨ ᠬᠥᠳᠡᠯᠮᠦᠷᠢ ᠬᠦᠴᠦ ᠶᠢ ᠭᠠᠷᠭᠠᠬᠤ ᠰᠠᠭᠤᠷᠢᠨ | ᠭᠠᠵᠠᠷ ᠢᠶᠠᠷ ᠨᠤᠲᠠᠯᠠᠨ ᠲᠤᠭᠲᠠᠭᠠᠭᠰᠠᠨ ᠮᠥᠷᠲᠡᠭᠡᠨ ᠶᠠᠳᠠᠭᠤ ᠠᠴᠠ ᠠᠩᠭᠢᠵᠢᠷᠠᠭᠰᠠᠨ ᠬᠥᠮᠥᠰ ᠲᠤ ᠠᠵᠢᠯ | ᠣᠯᠭᠤᠭᠰᠠᠨ ᠲᠤᠭᠠ ᠪᠠᠷ ᠣᠯᠠᠨ᠂ ᠦᠷᠡ ᠪᠦᠲᠦᠮᠵᠢ ᠪᠠᠷ ᠰᠠᠶᠢᠨ ᠢ ᠨᠢ ᠨᠢᠭᠡ ᠤᠳᠠᠭᠠ ᠶᠢᠨ ᠴᠢᠨᠠᠷᠲᠠᠢ ᠱᠠᠩᠨᠠᠨᠠ᠃ | ᠦᠢᠯᠡᠰ ᠪᠣᠰᠬᠠᠵᠤ ᠠᠵᠢᠯ ᠣᠯᠭᠤᠬᠤ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠥᠩᠭᠦ ᠪᠠᠷ | ᠳᠠᠮᠵᠢᠭᠤᠯᠤᠨ᠂ ᠭᠡᠷ ᠠᠬᠤᠢ ᠶᠢᠨ ᠪᠣᠯᠪᠠᠰᠤᠷᠠᠭᠤᠯᠤᠯ ᠥᠷᠨᠢᠭᠦᠯᠳᠡᠭ᠂ ᠭᠡᠷ ᠠᠬᠤᠢ ᠶᠢᠨ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠳᠠᠭ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ | ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠪᠠ ᠠᠵᠢᠯ ᠮᠡᠷᠭᠡᠵᠢᠯ ᠤᠨ ᠤᠷᠠ ᠴᠢᠳᠠᠪᠤᠷᠢ ᠶᠢᠨ ᠳᠠᠳᠤᠯᠭᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠤ ᠲᠣᠭᠲᠠᠭᠠᠯ ᠶᠣᠰᠣᠭᠠᠷ ᠪᠡᠯᠡ ᠮᠥᠩᠭᠦ ᠶᠢᠨ ᠳᠡᠮᠵᠢᠯᠭᠡ ᠣᠯᠭᠤᠨᠠ᠃ | ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶᠠ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭᠠ ᠶᠢᠨ ᠲᠣᠪᠴᠢᠶᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠ | ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠳᠥᠴᠢᠨ ᠵᠢᠷᠭᠤᠭᠠ︶ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠰᠬᠠᠢ | ᠵᠦᠢᠯ ᠤᠨ ᠢᠨᠵᠧᠨᠧᠷᠢᠩ ᠢ ᠥᠷᠨᠢᠭᠦᠯᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ | ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ | ᠲᠦᠰᠢᠭᠯᠡᠨ ᠰᠢᠭᠢᠳᠬᠡᠭᠰᠡᠨ ᠮᠠᠶ᠋ᠢᠭ ᠤᠨ᠂ ᠲᠠᠷᠬᠠᠮᠠᠯ ᠮᠠᠶ᠋ᠢᠭ ᠤᠨ᠂ ᠬᠡᠯᠬᠢᠶᠡ ᠮᠠᠶ᠋ᠢᠭ ᠤᠨ᠂ ᠲᠤᠰᠬᠠᠢ ᠮᠡᠷᠭᠡᠵᠢᠯ ᠤᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠪᠠᠶᠢᠭᠤᠯᠵᠤ᠂ ᠡᠳᠦᠷ ᠢᠶᠠᠷ ᠰᠠᠭᠠᠲᠠᠭᠤᠯᠬᠤ᠂ ᠴᠠᠭ ᠢᠶᠠᠷ | ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠲᠡᠮᠵᠢᠵᠦ᠂ | ᠤᠯᠤᠰ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠤᠰᠬᠠᠢ ᠵᠦᠢᠯ ᠳᠤ ᠵᠢᠭᠰᠠᠭᠠᠨ ᠣᠷᠣᠭᠤᠯᠤᠭᠰᠠᠨ | ᠲᠥᠷᠥᠯ ᠵᠦᠢᠯ ᠳᠤ ᠪᠡᠯᠡ ᠮᠥᠩᠭᠦ ᠶᠢᠨ ᠨᠥᠬᠦᠪᠦᠷᠢ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠳᠥᠴᠢᠨ ᠳᠣᠯᠤᠭᠠ︶ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ | ᠢ ᠨᠥᠬᠦᠪᠦᠷᠢᠯᠡᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ | ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠪᠥᠬᠦ ᠠᠷᠠᠳ ᠤᠨ ᠪᠡᠶᠡ ᠴᠢᠭᠢᠷᠠᠭᠵᠢᠭᠤᠯᠤᠯᠲᠠ᠂ ᠬᠥᠮᠥᠨ | ᠠᠮᠠ ᠶᠢᠨ ᠨᠠᠰᠤᠵᠢᠯᠲᠠ ᠶᠢ ᠠᠷᠭᠠᠴᠠᠬᠤ ᠪᠠ ᠬᠡᠦᠬᠡᠳ ᠢᠶᠠᠨ ᠨᠠᠶᠢᠳᠠᠨ ᠠᠰᠠᠷᠠᠭᠤᠯᠵᠤ᠂ ᠰᠣᠶᠣᠯ ᠢᠶᠠᠨ ᠬᠠᠮᠠᠭᠠᠯᠠᠵᠤ | ᠤᠯᠠᠮᠵᠢᠯᠠᠵᠤ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠴᠢᠬᠤᠯᠠ | ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶᠠ᠂ ᠠᠷᠠᠳ ᠤᠨ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶᠠ᠂ ᠪᠡᠶᠡ ᠶᠢᠨ ᠲᠠᠮᠢᠷ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠲᠤᠯᠤᠭᠠ᠂ ᠶᠡᠷᠦᠩᠬᠡᠢ ᠬᠡᠯᠲᠡᠰ ᠤᠨ ᠠᠵᠤ ᠠᠬᠤᠢ | ︵ᠳᠥᠴᠢᠨ ᠨᠠᠢᠮᠠ︶ ᠮᠠᠨ ᠤ ᠬᠤᠲᠠ ᠳᠤ ᠥᠪᠡᠷ ᠢᠶᠠᠨ ᠪᠠᠶᠢᠭᠤᠯᠤᠭᠰᠠᠨ ᠪᠤᠶᠤ ᠠᠯᠪᠠᠨ ᠭᠡᠷ᠂ ᠶᠡᠷᠦᠩᠬᠡᠢ | ᠬᠡᠯᠲᠡᠰ ᠤᠨ ᠲᠣᠮᠣ ᠠᠰᠠᠷ ᠤᠨ ᠠᠵᠢᠯᠯᠠᠬᠤ ᠲᠠᠯᠠᠪᠤᠷ ᠭᠠᠵᠠᠷ ᠬᠤᠳᠠᠯᠳᠤᠨ ᠠᠪᠤᠭᠰᠠᠨ ᠮᠠᠨ ᠤ ᠬᠤᠲᠠ ᠳᠤ | ᠰᠢᠨᠡ ᠪᠠᠷ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ 500 ᠲᠥᠭᠦᠷᠢᠭ/ᠲᠡᠭᠰᠢ | ᠳᠥᠷᠪᠡᠯᠵᠢᠨ ᠮᠧᠲᠷ ᠢᠶᠠᠷ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠶᠡᠷᠦᠩᠬᠡᠢ ᠲᠤᠭᠠ ᠶᠢ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ ᠮᠠᠨ ᠤ ᠬᠤᠳᠠ ᠶᠢᠨ ᠣᠷᠣᠨ ᠪᠦᠰᠡ ᠳᠣᠲᠣᠷᠠᠬᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠥᠪᠡᠷ ᠲᠡᠭᠡᠨ ᠬᠡᠷᠡᠭᠯᠡᠬᠦ ᠠᠯᠪᠠᠨ ᠭᠡᠷ ᠪᠣᠯᠭᠠᠨ ᠲᠦᠷᠢᠶᠡᠰᠦᠯᠡᠭᠰᠡᠨ ᠶᠡᠷᠦᠩᠬᠡᠢ | ᠬᠡᠯᠲᠡᠰ ᠤᠨ ᠠᠵᠤ ᠠᠬᠤᠶᠢᠯᠠᠯ ᠳᠤ ᠵᠢᠯ ᠤᠨ ᠲᠦᠷᠢᠶᠡᠰᠦᠨ ᠮᠥᠩᠭᠦ ᠶᠢ ᠲᠦᠷᠦᠭᠦᠦ 3 ᠵᠢᠯ ᠳᠤ 100% ᠪᠠᠷ᠂ | 4 ᠳ᠋ᠦ᠋ᠭᠡᠷ ᠵᠢᠯ ᠠᠴᠠ 5 ᠳ᠋ᠤᠭᠠᠷ ᠵᠢᠯ ᠳᠤ 50% ᠪᠠᠷ ᠨᠥᠬᠦᠪᠦᠷᠢ ᠣᠯᠭᠤᠨᠠ᠃ ᠨᠥᠬᠦᠪᠦᠷᠢ ᠥᠭᠬᠦ ᠲᠠᠯᠠᠪᠠᠢ ᠶᠢᠨ | ᠪᠠᠷᠢᠮᠵᠢᠶᠠ ᠶᠢ 10 ᠲᠡᠭᠰᠢ ᠳᠥᠷᠪᠡᠯᠵᠢᠨ ᠮᠧᠲᠷ/ ᠬᠥᠮᠥᠨ ᠠᠴᠠ ᠬᠡᠲᠦᠷᠡᠭᠦᠯᠬᠦ ᠦᠭᠡᠢ᠂ ᠨᠥᠬᠦᠪᠦᠷᠢ ᠥᠭᠬᠦ | ᠶᠡᠷᠦᠩᠬᠡᠢ ᠲᠠᠯᠠᠪᠠᠢ ᠶᠢ 1000 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ︵ᠠᠵᠤ ᠠᠬᠤᠶᠢᠯᠠᠯ ᠲᠠᠢ | ᠬᠥᠳᠡᠯᠮᠦᠷᠢ ᠶᠢᠨ ᠭᠡᠷᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠥᠮᠥᠨ ᠤ ᠲᠤᠭᠠ ᠪᠠᠷ | ᠪᠠᠷᠢᠮᠵᠢᠶᠠ ᠪᠣᠯᠭᠠᠨᠠ︶᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ | ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨᠠ︶ | ︵ᠳᠥᠴᠢ ᠶᠢᠰᠦ︶ ᠮᠠᠨ ᠤ ᠬᠤᠲᠠ ᠶᠢᠨ ᠨᠤᠲᠠᠯᠠᠨ ᠲᠣᠭᠲᠠᠭᠠᠭᠰᠠᠨ ᠶᠡᠷᠦᠩᠬᠡᠢ ᠬᠡᠯᠲᠡᠰ ᠤᠨ ᠠᠵᠤ | ᠠᠬᠤᠶᠢᠯᠠᠯ ᠤᠨ ᠠᠩᠬᠠ ᠤᠳᠠᠭᠠ ᠵᠢᠯ ᠤᠨ ᠡᠵᠡᠩᠨᠡᠯᠲᠡ ᠶᠢᠨ ᠣᠷᠣᠯᠭᠠ ᠨᠢ 500 ᠳ᠋ᠦᠩᠰᠢᠭᠤᠷ ᠲᠥᠭᠦᠷᠢᠭ᠂ | 100 ᠳ᠋ᠦᠩᠰᠢᠭᠤᠷ ᠲᠥᠭᠦᠷᠢᠭ᠂ 50 ᠳ᠋ᠦᠩᠰᠢᠭᠤᠷ ᠲᠥᠭᠦᠷᠢᠭ᠂ 30 ᠳ᠋ᠦᠩᠰᠢᠭᠤᠷ ᠲᠥᠭᠦᠷᠢᠭ ᠢ ᠳᠠᠪᠠᠭᠰᠠᠨ | ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠨᠢᠭᠡ ᠤᠳᠠᠭᠠ ᠶᠢᠨ ᠴᠢᠨᠠᠷᠲᠠᠢ ᠲᠣᠰ ᠲᠣᠰ 1000 ᠲᠦᠮᠡᠨ | ᠲᠥᠭᠦᠷᠢᠭ᠂ 500 ᠲᠦᠮᠡᠨ ᠲᠥᠭᠦᠷᠢᠭ᠂ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ | ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠ᠂ | ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠲᠠᠪᠢ︶ ᠮᠠᠨ ᠤ ᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠤᠯᠤᠰ ᠤᠨ ᠮᠡᠷᠭᠡᠵᠢᠯ ᠤᠨ | ᠰᠢᠨᠡ ᠶᠢ ᠡᠭᠦᠳᠬᠦ ᠵᠢᠱᠢᠶᠡ ᠦᠵᠡᠭᠦᠯᠬᠦ ᠠᠵᠤ ᠠᠬᠤᠶᠢᠯᠠᠯ᠂ ᠭᠠᠭᠴᠠ ᠵᠦᠢᠯ ᠤᠨ ᠮᠠᠩᠯᠠᠢ ᠠᠵᠤ ᠠᠬᠤᠶᠢᠯᠠᠯ᠂ ︽ | ᠲᠤᠰᠬᠠᠢ ᠨᠠᠷᠢᠯᠢᠭ ᠣᠨᠴᠠ ᠰᠢᠨᠡ︾ ᠪᠢᠴᠢᠬᠠᠨ ᠠᠪᠤᠷᠭᠤ ᠠᠵᠤ ᠠᠬᠤᠶᠢᠯᠠᠯ ᠤᠨ ᠢᠷᠠᠭᠤ ᠠᠯᠳᠠᠷ ᠤᠨ ᠴᠣᠯᠠ ᠶᠢ | ᠰᠢᠨᠡ ᠪᠠᠷ ᠣᠯᠣᠭᠰᠠᠨ ᠪᠠᠶᠢᠪᠠᠯ᠂ 200 ᠲᠦᠮᠡᠨ ᠲᠥᠭᠦᠷᠢᠭ ᠤᠨ ᠱᠠᠩᠨᠠᠯ ᠣᠯᠭᠤᠨᠠ︔ ᠶᠠᠰᠤ ᠴᠢᠨᠠᠷ ᠤᠨ ᠬᠡᠪ | ᠳᠠᠭᠤᠷᠢᠶᠠᠯ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠵᠢᠱᠢᠶᠡ ᠦᠵᠡᠭᠦᠯᠬᠦ ᠠᠵᠤ | ᠠᠬᠤᠶᠢᠯᠠᠯ ᠵᠡᠷᠭᠡ ᠢᠷᠠᠭᠤ ᠠᠯᠳᠠᠷ ᠤᠨ ᠴᠣᠯᠠ ᠶᠢ ᠰᠢᠨᠡ ᠪᠠᠷ ᠣᠯᠣᠭᠰᠠᠨ ᠪᠠᠶᠢᠪᠠᠯ᠂ 100 ᠲᠦᠮᠡᠨ | ᠲᠥᠭᠦᠷᠢᠭ ᠤᠨ ᠱᠠᠩᠨᠠᠯ ᠣᠯᠭᠤᠨᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠷᠠᠭᠠᠯᠵᠠᠭᠰᠠᠨ ᠢᠷᠠᠭᠤ | ᠠᠯᠳᠠᠷ ᠤᠨ ᠴᠣᠯᠠ ᠶᠢ ᠰᠢᠨᠡ ᠪᠠᠷ ᠣᠯᠣᠭᠰᠠᠨ ᠪᠠᠶᠢᠪᠠᠯ᠂ ᠲᠣᠰ ᠲᠣᠰ 50 ᠲᠦᠮᠡᠨ ᠲᠥᠭᠦᠷᠢᠭ᠂ 20 ᠲᠦᠮᠡᠨ | ᠲᠥᠭᠦᠷᠢᠭ ᠤᠨ ᠱᠠᠩᠨᠠᠯ ᠣᠯᠭᠤᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠪᠦᠰᠡ ᠶᠢᠨ | ᠬᠠᠮᠲᠤᠷᠠᠯᠴᠠᠭᠠᠨ ᠤ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠲᠠᠪᠢᠨ ᠨᠢᠭᠡ︶ ᠶᠡᠷᠦᠩᠬᠡᠢ ᠬᠡᠯᠲᠡᠰ ᠤᠨ ᠠᠵᠤ ᠠᠬᠤᠶᠢᠯᠠᠯ ᠠᠵᠤ ᠦᠢᠯᠡᠰ ᠤᠨ ᠬᠡᠯᠬᠢᠶᠡ ᠶᠢᠨ ᠳᠡᠭᠡᠳᠦ | ᠳᠣᠣᠷᠠᠳᠤ ᠤᠷᠤᠰᠬᠠᠯ ᠤᠨ ᠵᠠᠩᠭᠢᠯᠠᠭᠠ ᠶᠢᠨ ᠢᠵᠢ ᠪᠦᠷᠢᠳᠦᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠪᠠᠯ᠂ | ᠣᠷᠣᠭᠤᠯᠤᠨ ᠠᠪᠴᠢᠷᠠᠭᠰᠠᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ | ᠳᠠᠷᠠᠭᠠᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠮᠵᠢᠶᠡ ᠶᠢ ᠦᠨᠳᠦᠰᠦᠯᠡᠨ ᠱᠠᠩᠨᠠᠵᠤ᠂ 5000 | ᠲᠦᠮᠡᠨ ᠲᠥᠭᠦᠷᠢᠭ ᠠᠴᠠ 1 ᠳ᠋ᠦᠩᠰᠢᠭᠤᠷ ᠲᠥᠭᠦᠷᠢᠭ ︵ᠪᠠᠭᠲᠠᠨᠠ︶ ᠪᠡᠯᠡ ᠣᠷᠣᠭᠤᠯᠤᠭᠰᠠᠨ ᠪᠠᠶᠢᠪᠠᠯ 50 | ᠲᠦᠮᠡᠨ ᠲᠥᠭᠦᠷᠢᠭ ᠤᠨ ᠱᠠᠩᠨᠠᠯ ᠣᠯᠭᠤᠨᠠ︔ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ ᠱᠠᠩᠨᠠᠯ ᠣᠯᠭᠤᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠ᠂ ᠡᠳ᠋ ᠤᠨ ᠵᠠᠰᠠᠭ ᠤᠨ ᠲᠣᠪᠴᠢᠶᠠ ᠡᠭᠦᠷᠭᠡ | ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠨᠠᠢᠮᠠ᠂ ᠦᠢᠯᠡᠴᠢᠯᠡᠭᠡᠨ ᠤ ᠠᠷᠠᠯᠵᠢᠶᠠ | ︵ᠲᠠᠪᠢᠨ ᠬᠤᠶᠠᠷ︶ ᠦᠢᠯᠡᠴᠢᠯᠡᠭᠡ ᠪᠠᠨ ᠭᠠᠳᠠᠭᠰᠢ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠢ | ᠡᠷᠭᠢᠯᠡᠵᠦ ᠪᠠᠶᠢᠭᠠ ᠠᠵᠤ ᠠᠬᠤᠶᠢᠯᠠᠯ ᠤᠨ ᠲᠤᠬᠠᠢ ᠶᠢᠨ ᠵᠢᠯ ᠤᠨ ᠬᠢᠯᠢ ᠠᠴᠠ ᠭᠠᠷᠬᠤ ᠦᠢᠯᠡᠴᠢᠯᠡᠭᠡ ᠪᠠᠨ ᠭᠠᠳᠠᠭᠰᠢ | ᠳᠠᠭᠠᠭᠠᠴᠢᠯᠠᠭᠤᠯᠬᠤ ᠭᠡᠷᠡ ᠶᠢᠨ ᠪᠥᠬᠦ ᠲᠤᠭᠠ ᠨᠢ 100 ᠲᠦᠮᠡᠨ ᠳ᠋ᠣᠯᠯᠠᠷ ᠠᠴᠠ ᠳᠡᠭᠡᠭᠰᠢ ᠪᠠᠶᠢᠪᠠᠯ᠂ 1 ᠳ᠋ᠣᠯᠯᠠᠷ | ᠪᠦᠷᠢ ᠳᠤ 0.01 ᠲᠥᠭᠦᠷᠢᠭ ᠠᠷᠠᠳ ᠤᠨ ᠵᠣᠭᠤᠰ ᠢᠶᠠᠷ ᠱᠠᠩᠨᠠᠵᠤ᠂ ᠬᠠᠮᠤᠭ ᠥᠨᠳᠥᠷ ᠲᠡᠭᠡᠨ 10 ᠲᠦᠮᠡᠨ | ᠲᠥᠭᠦᠷᠢᠭ ᠠᠷᠠᠳ ᠤᠨ ᠵᠣᠭᠤᠰ ᠢᠶᠠᠷ ᠱᠠᠩᠨᠠᠨᠠ᠃ ︵ᠬᠠᠷᠢᠭᠤᠴᠠᠯᠭᠠᠲᠤ ᠨᠢᠭᠡᠴᠡ᠄ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ | ᠡᠳ᠋ ᠤᠨ ᠵᠠᠰᠠᠭ ᠤᠨ ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ︵ᠲᠠᠪᠢᠨ ᠭᠤᠷᠪᠠ︶ ᠭᠠᠳᠠᠭᠠᠳᠤ ᠠᠷᠠᠯᠵᠢᠶᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠢ | ᠪᠣᠶᠢᠵᠢᠭᠤᠯᠤᠨᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠨᠤᠲᠠᠯᠠᠯᠲᠠ ᠶᠢ ᠣᠯᠣᠭᠰᠠᠨ ᠭᠠᠳᠠᠭᠠᠳᠤ | ᠠᠷᠠᠯᠵᠢᠶᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠨᠥᠬᠦᠪᠦᠷᠢ ᠶᠢ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ 30% ᠠᠴᠠ ᠬᠡᠲᠦᠷᠡᠭᠦᠯᠬᠦ ᠦᠭᠡᠢ᠂ | ᠭᠠᠭᠴᠠ ᠠᠵᠤ ᠠᠬᠤᠶᠢᠯᠠᠯ ᠳᠤ ᠬᠠᠮᠤᠭ ᠥᠨᠳᠥᠷ ᠲᠡᠭᠡᠨ 10 ᠲᠦᠮᠡᠨ ᠲᠥᠭᠦᠷᠢᠭ ᠠᠷᠠᠳ ᠤᠨ ᠵᠣᠭᠤᠰ ᠤᠨ | ᠨᠦᠬᠦᠪᠦᠷᠢ ᠦᠭᠭᠦᠨᠡ᠃ ︵ᠬᠠᠷᠢᠭᠤᠴᠠᠯᠭᠠᠲᠤ ᠨᠢᠭᠡᠴᠡ᠄ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠ᠂ ᠡᠳ᠋ ᠤᠨ ᠵᠠᠰᠠᠭ ᠤᠨ | ᠲᠣᠪᠴᠢᠶᠠ ᠡᠭᠦᠷᠭᠡ ᠬᠠᠷᠢᠭᠤᠴᠠᠯᠭᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠶᠢᠰᠦ᠂ ᠪᠤᠰᠤᠳ ᠲᠥᠷᠥ ᠶᠢᠨ ᠪᠣᠳᠣᠯᠭᠠ | ︵ᠲᠠᠪᠢᠨ ᠳᠥᠷᠪᠡ︶ 2022 ᠣᠨ ᠤ 1 ᠳ᠋ᠦ᠋ᠭᠡᠷ ᠰᠠᠷᠠ ᠶᠢᠨ 1 ᠤ ᠡᠳᠦᠷ ᠠᠴᠠ 2025 ᠣᠨ ᠤ 12 | ᠳ᠋ᠤᠭᠠᠷ ᠰᠠᠷᠠ ᠶᠢᠨ 31 ᠤ ᠡᠳᠦᠷ ᠪᠣᠯᠲᠠᠯᠠ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠠᠵᠢᠯ ᠤᠨ | ᠲᠡᠷᠭᠡ᠂ ᠬᠦᠷᠳᠦᠲᠦ ᠲᠤᠰᠬᠠᠢ ᠬᠡᠷᠡᠭᠯᠡᠭᠡᠨ ᠤ ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠬᠤ | ᠭᠠᠶᠢᠯᠢ ᠶᠢᠨ ᠲᠤᠭᠠ ᠶᠢ ᠣᠲᠣ ᠶᠢᠨ ᠬᠡᠷᠡᠭᠵᠢᠭᠦᠯᠵᠦ ᠪᠠᠶᠢᠭᠠ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠬᠤ | ᠭᠠᠶᠢᠯᠢ ᠶᠢᠨ ᠲᠤᠭᠠ ᠶᠢᠨ 50% ᠪᠠᠷ ᠲᠠᠲᠠᠪᠤᠷᠢᠯᠠᠨᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶᠠ︶ | ︵ᠲᠠᠪᠢᠨ ᠲᠠᠪᠤ︶ ᠪᠠᠶᠢᠭᠤᠯᠭᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠡᠷ ᠪᠠᠶᠢᠰᠢᠩ ᠢ | ᠲᠦᠷᠢᠶᠡᠰᠦᠯᠡᠭᠰᠡᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨᠡ᠃ ᠬᠢᠵᠢᠭ ᠤᠨ ᠪᠠᠶᠢᠳᠠᠯ ᠳᠤ | ᠨᠥᠯᠥᠭᠡᠯᠡᠭᠳᠡᠭᠰᠡᠨ ᠭᠤᠣᠯᠳᠠᠯᠭᠠ ᠲᠠᠢ ᠣᠷᠣᠨ ᠪᠦᠰᠡ ︵ᠳᠤᠮᠳᠠ ᠥᠨᠳᠥᠷ ᠲᠡᠰ ᠤᠨ ᠲᠦᠭᠰᠢᠭᠦᠷᠢ ᠲᠠᠢ ᠭᠠᠵᠠᠷ | ᠣᠷᠣᠨ ᠵᠢᠴᠢ ᠪᠢᠲᠡᠭᠦᠮᠵᠢᠯᠡᠨ ᠡᠵᠡᠮᠳᠡᠬᠦ ᠬᠠᠮᠢᠶᠠᠷᠤᠨ ᠡᠵᠡᠮᠳᠡᠬᠦ ᠣᠷᠣᠨ︶ ᠪᠣᠯᠣᠨ ᠬᠢᠵᠢᠭ ᠤᠨ ᠪᠠᠶᠢᠳᠠᠯ ᠳᠤ | ᠨᠡᠯᠢᠶᠡᠳ ᠬᠦᠨᠳᠦ ᠨᠥᠯᠥᠭᠡᠯᠡᠭᠳᠡᠭᠰᠡᠨ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠵᠢᠵᠢᠭᠯᠡᠨ | ᠬᠤᠳᠠᠯᠳᠤᠬᠤ ᠦᠢᠯᠡᠰ᠂ ᠵᠠᠮ ᠬᠠᠷᠢᠯᠴᠠᠭᠠ ᠲᠡᠭᠡᠭᠡᠪᠦᠷᠢ ᠶᠢᠨ ᠦᠢᠯᠡᠰ᠂ ᠰᠣᠶᠣᠯ ᠪᠡᠶᠡ ᠶᠢᠨ ᠲᠠᠮᠢᠷ ᠪᠠ ᠵᠤᠭᠠ | ᠴᠡᠩᠭᠡᠯ ᠤᠨ ᠦᠢᠯᠡᠰ᠂ ᠵᠢᠭᠤᠯᠴᠢᠯᠠᠯ ᠤᠨ ᠦᠢᠯᠡᠰ ᠠᠴᠠ 3 ᠰᠠᠷᠠ ᠲᠦᠷᠢᠶᠡᠰᠦᠨ ᠮᠥᠩᠭᠦ ᠬᠤᠷᠢᠶᠠᠬᠤ ᠦᠭᠡᠢ᠂ | ᠬᠤᠲᠠ ᠶᠢᠨ ᠬᠠᠷᠢᠶᠠ ᠡᠯᠡ ᠤᠯᠤᠰ ᠤᠨ ᠥᠮᠴᠢᠯᠡᠯᠲᠦ ᠠᠵᠤ ᠠᠬᠤᠶᠢᠯᠠᠯ ᠬᠠᠮᠢᠶᠠ ᠪᠦᠬᠦᠢ ᠠᠵᠤ ᠠᠬᠤᠶᠢᠯᠠᠯ ᠯᠤᠭᠠ | ᠲᠦᠷᠢᠶᠡᠰᠦᠨ ᠮᠥᠩᠭᠦ ᠬᠡᠯᠲᠦᠷᠢᠭᠦᠯᠬᠦ ᠭᠡᠷᠡ ᠲᠣᠭᠲᠠᠬᠤ ᠶᠢ ᠬᠠᠷᠢᠭᠤᠴᠠᠨᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨᠡ | ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠬᠤᠲᠠ ᠶᠢᠨ ᠬᠠᠷᠢᠶᠠ ᠡᠯᠡ ᠤᠯᠤᠰ ᠤᠨ ᠥᠮᠴᠢᠯᠡᠯᠲᠦ ᠠᠵᠤ | ᠠᠬᠤᠶᠢᠯᠠᠯ᠂ ᠡᠯᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨᠠ︶ | ᠠᠷᠪᠠ᠂ ᠲᠣᠰ ᠨᠠᠷᠢᠨ ᠬᠠᠭᠤᠳᠠᠰᠤ ᠶᠢᠨ ᠳᠣᠲᠣᠷᠠᠬᠢ ᠲᠥᠷᠥ ᠶᠢᠨ ᠪᠣᠳᠣᠯᠭᠠ ᠶᠢ ᠬᠠᠷᠢᠭᠤᠴᠠᠯᠭᠠᠲᠤ | ᠨᠢᠭᠡᠴᠡ ᠠᠴᠠ ᠬᠠᠷᠢᠭᠤᠴᠠᠨ ᠨᠠᠶᠢᠳᠠᠪᠤᠷᠢᠵᠢᠭᠤᠯᠤᠨᠠ᠂ ᠲᠥᠷᠥ ᠶᠢᠨ ᠪᠣᠳᠣᠯᠭᠠ ᠶᠢᠨ ᠬᠦᠴᠦᠨ ᠲᠠᠢ ᠬᠤᠭᠤᠴᠠᠭᠠ | ᠨᠢ ᠬᠤᠶᠠᠷ ᠵᠢᠯ᠂ ᠲᠥᠷᠥ ᠶᠢᠨ ᠪᠣᠳᠣᠯᠭᠠ ᠶᠢᠨ ᠠᠭᠤᠯᠭᠠ ᠳᠤ ᠠᠰᠲᠠᠭᠠᠨ ᠲᠣᠭᠲᠠᠭᠠᠯ ᠲᠠᠢ ᠪᠣᠯ ᠤᠤᠯ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨᠡ᠃ | | |