ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 56 ᠳ᠋ᠤᠭᠠᠷ ᠲᠣᠭᠠᠲᠤ | | | | ᠡᠯᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯᠡ | ᠬᠤᠯᠪᠣᠭᠳᠠᠯ ᠪᠦᠬᠦᠢ ᠨᠢᠭᠡᠴᠡ ᠳᠤ᠄ | ︽ᠬᠥᠬᠡᠬᠤᠲᠠ ᠶᠢᠨ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ | ᠲᠦᠷᠢᠶᠡᠰᠦᠯᠡᠬᠦ ᠪᠤᠴᠠᠭᠠᠬᠤ ᠬᠡᠷᠡᠭᠵᠢᠭᠦᠯᠬᠦ ᠨᠠᠷᠢᠨ ᠳᠦᠷᠢᠮ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯᠠ᠂ ᠨᠠᠷᠢᠨ ᠬᠢᠨᠠᠮᠠᠭᠠᠢ | ᠵᠢᠷᠤᠮᠯᠠᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠳ᠋ᠤᠭᠠᠷ ᠰᠠᠷᠠ ᠶᠢᠨ 31 ᠤ ᠡᠳᠦᠷ | | ᠬᠥᠬᠡᠬᠤᠲᠠ ᠶᠢᠨ ᠪᠠᠲᠤᠯᠠᠭᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ | ᠬᠡᠷᠡᠭᠵᠢᠭᠦᠯᠬᠦ ᠨᠠᠷᠢᠨ ᠳᠦᠷᠢᠮ | | | | ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠲᠦᠷᠢᠶᠡᠰᠦᠯᠡᠬᠦ ᠬᠥᠮᠥᠨ ᠤ ᠬᠢᠷᠢ ᠬᠡᠮ ᠢ ᠬᠢᠨᠠᠨ ᠪᠠᠶᠢᠴᠠᠭᠠᠬᠤ ᠶᠢ ᠵᠢᠷᠤᠮᠵᠢᠭᠤᠯᠤᠨ᠂ | ᠲᠦᠷᠢᠶᠡᠰᠦᠯᠡᠬᠦ ᠪᠤᠴᠠᠭᠠᠬᠤ ᠲᠠᠰ ᠳᠠᠷᠠᠭᠠᠯᠠᠯ ᠢ ᠲᠣᠳᠣᠷᠬᠠᠢ ᠪᠣᠯᠭᠠᠵᠤ᠂ ᠰᠢᠨᠡ ᠪᠠᠷ ᠠᠵᠢᠯ ᠣᠯᠣᠭᠰᠠᠨ ᠭᠡᠷ | ᠪᠠᠶᠢᠰᠢᠩ ᠦᠭᠡᠢ ᠣᠶᠤᠲᠠᠨ᠂ ᠵᠠᠯᠠᠭᠤᠴᠤᠳ᠂ ᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠥᠮᠥᠰ ᠵᠡᠷᠭᠡ ᠰᠢᠨᠡ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠲᠠᠢ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ ᠲᠣᠰ ᠨᠠᠷᠢᠨ ᠳᠦᠷᠢᠮ ᠢ ᠲᠣᠭᠲᠠᠭᠠᠪᠠ᠃ | ᠨᠢᠭᠡᠳᠦᠭᠡᠷ ᠵᠦᠢᠯ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠ ᠪᠡᠯᠡᠳᠬᠡᠭᠰᠡᠨ ᠪᠠᠲᠤᠯᠠᠭᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠴᠥᠮ ᠲᠣᠰ ᠨᠠᠷᠢᠨ ᠳᠦᠷᠢᠮ ᠢ ᠬᠡᠷᠡᠭᠯᠡᠨᠡ᠃ | ᠬᠤᠶᠠᠳᠤᠭᠠᠷ ᠵᠦᠢᠯ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠭᠤᠣᠯᠳᠠᠭᠤ ᠲᠤᠰ | ᠬᠤᠳᠠ ᠳᠤ ᠪᠠᠶᠢᠩᠭᠤ ᠰᠠᠭᠤᠭᠠ ᠭᠡᠷ ᠪᠠᠶᠢᠰᠢᠩ ᠦᠭᠡᠢ ᠵᠠᠯᠠᠭᠤᠴᠤᠳ ᠪᠣᠯᠣᠨ ᠰᠢᠨᠡ ᠬᠤᠳᠠ ᠶᠢᠨ ᠠᠷᠠᠳ ᠤᠨ | ᠱᠠᠲᠤ ᠦᠶᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠠᠰᠠᠭᠤᠳᠠᠯ ᠢ ᠰᠢᠢᠳᠪᠦᠷᠢᠯᠡᠵᠦ᠂ ᠲᠦᠷᠢᠶᠡᠰᠦᠯᠡᠬᠦ | ᠬᠥᠮᠥᠨ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠲᠦᠷᠢᠶᠡᠰᠦᠯᠡᠬᠦ ᠬᠥᠮᠥᠨ ᠨᠢ ᠪᠦᠬᠦᠯᠢ 18 ᠨᠠᠰᠤ ᠬᠦᠷᠦᠭᠰᠡᠨ᠃ | ︵ᠬᠤᠶᠠᠷ︶ ᠲᠦᠷᠢᠶᠡᠰᠦᠯᠡᠬᠦ ᠬᠥᠮᠥᠨ ᠨᠢ ᠲᠤᠰ ᠬᠤᠳᠠ ᠳᠤ ᠠᠵᠢᠯ ᠣᠯᠣᠭᠰᠠᠨ ᠪᠤᠶᠤ ᠠᠳᠠᠯ ᠦᠢᠯᠡᠰ | ᠴᠣᠭᠴᠠᠯᠠᠭᠰᠠᠨ᠃ | ︵ᠭᠤᠷᠪᠠ︶ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ︵ᠤᠷᠤᠭᠯᠠᠭᠰᠠᠨ ᠬᠥᠮᠥᠨ ᠤ | ᠭᠡᠷ ᠪᠦᠯᠢ ᠶᠢᠨ ᠪᠦᠷᠢᠯᠳᠦᠭᠦᠨ ᠳᠤ ᠬᠠᠨᠢ ᠢᠵᠢᠯᠢ᠂ ᠦᠷᠡ ᠬᠡᠦᠬᠡᠳ ᠨᠢ ᠪᠠᠭᠲᠠᠨᠠ᠂ ᠤᠷᠤᠭᠯᠠᠭᠠᠳᠤᠢ ᠬᠥᠮᠥᠨ ᠤ | ᠭᠡᠷ ᠪᠦᠯᠢ ᠶᠢᠨ ᠪᠦᠷᠢᠯᠳᠦᠭᠦᠨ ᠳᠤ ᠡᠴᠢᠭᠡ ᠡᠬᠡ ᠨᠢ ᠪᠠᠭᠲᠠᠨᠠ︶ ᠲᠣᠰ ᠬᠤᠲᠠ ᠳᠤ ᠬᠤᠪᠢ ᠶᠢᠨ ᠣᠷᠣᠨ | ᠰᠠᠭᠤᠴᠠ ᠦᠭᠡᠢ᠂ ᠨᠡᠶᠢᠲᠡ ᠶᠢᠨ ᠥᠮᠴᠢᠯᠡᠯ ᠤᠨ ᠣᠷᠣᠨ ᠰᠠᠭᠤᠴᠠ ᠶᠢ ᠲᠦᠷᠢᠶᠡᠰᠦᠯᠡᠵᠦ ᠰᠠᠭᠤᠭᠰᠠᠨ ᠦᠭᠡᠢ᠂ | ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ | ᠴᠢᠨᠠᠷᠲᠠᠢ ᠭᠡᠷ ᠪᠠᠶᠢᠰᠢᠩ ᠬᠤᠳᠠᠯᠳᠤᠨ ᠠᠪᠤᠭᠰᠠᠨ ᠦᠭᠡᠢ᠃ ᠭᠡᠪᠡᠴᠦ ᠲᠦᠷᠢᠶᠡᠰᠦᠯᠡᠬᠦ ᠬᠥᠮᠥᠨ ᠵᠢᠴᠢ ᠭᠡᠷ | ᠪᠦᠯᠢ ᠶᠢᠨ ᠪᠦᠷᠢᠯᠳᠦᠭᠦᠨ ᠨᠢ ᠬᠤᠰᠢᠭᠤ ᠰᠢᠶᠠᠨ ᠳᠤ ᠭᠡᠷ ᠬᠥᠷᠥᠩᠭᠡ ᠲᠠᠢ ᠪᠠᠶᠢᠵᠤ᠂ ᠠᠵᠢᠯ ᠤᠨ ᠬᠡᠷᠡᠭᠴᠡᠭᠡ ᠠᠴᠠ | ᠪᠣᠯᠵᠤ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭᠠ︔ ᠡᠰᠡᠬᠦᠯᠡ ᠲᠦᠷᠢᠶᠡᠰᠦᠯᠡᠬᠦ ᠬᠥᠮᠥᠨ ᠵᠢᠴᠢ ᠭᠡᠷ | ᠪᠦᠯᠢ ᠶᠢᠨ ᠪᠦᠷᠢᠯᠳᠦᠭᠦᠨ ᠨᠢ ᠬᠤᠲᠠ ᠶᠢᠨ ᠲᠣᠭᠤᠷᠢᠭ ᠲᠤ ᠭᠡᠷ ᠬᠥᠷᠥᠩᠭᠡ ᠲᠠᠢ ᠪᠠᠶᠢᠵᠤ᠂ ᠠᠵᠢᠯ ᠤᠨ | ᠬᠡᠷᠡᠭᠴᠡᠭᠡ ᠠᠴᠠ ᠪᠣᠯᠵᠤ ᠬᠤᠷᠢᠨᠭᠡᠷ ᠰᠢᠨᠡ ᠲᠣᠭᠤᠷᠢᠭ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ | ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠶᠢᠷᠲᠤ ᠠᠶᠢᠯ ᠤᠨ ᠬᠦᠷᠢᠶᠡᠯᠡᠩ | ᠲᠣᠭᠤᠷᠢᠭ ᠪᠣᠯᠣᠨ ᠲᠣᠭᠲᠠᠬᠤ ᠴᠢᠩ ᠱᠦᠢ ᠾᠧ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠲᠤ ᠪᠠᠶᠢᠩᠭᠤ ᠰᠠᠭᠤᠭᠠ ᠪᠣᠯ᠂ ᠪᠠᠶᠢᠩᠭᠤ ᠰᠠᠭᠤᠭᠠ ᠭᠠᠵᠠᠷ ᠤᠨ ᠪᠠᠲᠤᠯᠠᠭᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠣᠨᠠ᠃ | ︵ᠳᠥᠷᠪᠡ︶ ᠣᠷᠣᠯᠭᠠ ᠨᠢ ᠲᠣᠭᠲᠠᠪᠤᠷᠢᠲᠠᠢ᠂ ᠲᠦᠷᠢᠶᠡᠰᠦᠨ ᠮᠥᠩᠭᠦ ᠶᠢ ᠲᠥᠯᠥᠬᠦ ᠴᠢᠳᠠᠯ ᠲᠠᠢ ᠪᠠᠶᠢᠬᠤ᠃ | ᠭᠤᠷᠪᠠᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠡᠭᠡᠷᠡ ᠳᠠᠩᠰᠠᠯᠠᠭᠤᠯᠵᠤ᠂ ᠭᠠᠷ ᠤᠲᠠᠰᠤᠨ ᠤ | APP ᠢᠶᠠᠷ ᠰᠦᠯᠵᠢᠶᠡᠨ ᠳᠡᠭᠡᠷᠡ ᠭᠤᠶᠣᠴᠢᠯᠠᠨ᠂ ᠥᠪᠡᠷ ᠢᠶᠠᠷ ᠭᠡᠷ ᠰᠣᠩᠭᠤᠵᠤ ᠪᠣᠯᠣᠨᠠ᠃ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠠᠬᠢ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠤᠰ ᠨᠢᠭᠡᠴᠡ ᠶᠢᠨ | ᠨᠥᠬᠦᠴᠡᠯ ᠳᠤ ᠨᠡᠶᠢᠴᠡᠬᠦ ᠠᠵᠢᠯᠲᠠᠳ ᠲᠤ ᠤᠷᠢᠳᠠᠪᠠᠷ ᠬᠤᠪᠢᠶᠠᠵᠤ᠂ ᠦᠯᠡᠳᠡᠭᠰᠡᠨ ᠭᠡᠷ ᠢ ᠨᠡᠶᠢᠭᠡᠮ ᠤᠨ ᠵᠠᠬᠠ | ᠳᠡᠯᠭᠡᠭᠦᠷ ᠲᠤ ᠬᠠᠨᠳᠤᠭᠤᠯᠤᠨᠠ᠃ | ᠳᠥᠷᠪᠡᠳᠦᠭᠡᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠ ᠶᠢᠨ ᠰᠠᠯᠠᠭᠠ | ᠮᠥᠴᠢᠷ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢ ᠭᠥᠷᠳᠡᠭᠰᠡᠨ ᠦᠭᠡᠢ ᠳᠡᠭᠡᠳᠦ | ᠲᠠᠰ ᠳᠠᠪᠬᠤᠷᠭᠠ ᠶᠢᠨ ᠴᠢᠳᠠᠪᠤᠷᠢᠲᠠᠨ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠪᠠᠲᠤᠯᠠᠭᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠶᠢ ᠳᠦᠷᠢᠶᠡᠰᠦᠯᠡᠵᠦ ᠰᠠᠭᠤᠪᠠᠯ᠂ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠵᠦ ᠪᠣᠯᠣᠨᠠ᠃ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ︵ᠳ᠋ᠣᠺᠲ᠋ᠣᠷᠠᠨᠲ ᠵᠢᠴᠢ ᠲᠡᠭᠦᠨ ᠠᠴᠠ | ᠳᠡᠭᠡᠭᠰᠢᠬᠢ ᠶᠢ ᠪᠠᠭᠲᠠᠭᠠᠨᠠ︶᠂ ᠠᠰᠫᠢᠷᠠᠨᠲ᠂ ᠵᠢᠩᠬᠢᠨᠢ ᠠᠩᠭᠢ ᠶᠢᠨ ᠤᠶᠤᠲᠠᠨ ᠳᠤ ᠲᠣᠰ ᠲᠣᠰ 100% ᠪᠠᠷ᠂ | 50% ᠪᠠᠷ᠂ 30% ᠪᠠᠷ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨᠡ᠃ ᠬᠠᠰᠤᠵᠤ ᠬᠡᠯᠲᠦᠷᠢᠭᠦᠯᠬᠦ | ᠬᠤᠭᠤᠴᠠᠭᠠ ᠶᠢ 60 ᠰᠠᠷᠠ ᠠᠴᠠ ᠬᠡᠲᠦᠷᠡᠭᠦᠯᠬᠦ ᠦᠭᠡᠢ᠂ ᠲᠦᠷᠢᠶᠡᠰᠦᠯᠡᠭᠰᠡᠨ ᠬᠥᠮᠥᠨ ᠲᠤᠰ ᠬᠤᠳᠠ ᠶᠢᠨ | ᠠᠵᠢᠯ ᠠᠴᠠ ᠪᠠᠨ ᠰᠠᠯᠤᠭᠰᠠᠨ ᠪᠤᠶᠤ ᠪᠠᠲᠤᠯᠠᠭᠠ ᠶᠢᠨ ᠡᠲᠡᠭᠡᠳ ᠲᠤ ᠨᠡᠶᠢᠴᠡᠬᠦ ᠦᠭᠡᠢ ᠪᠣᠯᠤᠭᠰᠠᠨ ᠪᠠᠶᠢᠪᠠᠯ᠂ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠦᠷᠦ ᠶᠢᠨ ᠪᠣᠳᠣᠯᠭᠠ ᠬᠦᠷᠳᠡᠬᠦ ᠶᠢ ᠵᠣᠭᠰᠣᠭᠠᠨᠠ᠃ | ᠲᠠᠪᠤᠳᠤᠭᠠᠷ ᠵᠦᠢᠯ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠳᠤ | ᠬᠡᠷᠡᠭᠯᠡᠬᠦ ᠮᠠᠲ᠋ᠧᠷᠢᠶᠠᠯ ᠢ ᠪᠦᠬᠦᠨ ᠢ ᠰᠦᠯᠵᠢᠶᠡᠨ ᠳᠡᠭᠡᠷᠡ ᠭᠦᠢᠴᠡᠳᠬᠡᠵᠦ᠂ PDF ᠬᠡᠯᠪᠡᠷᠢ ᠶᠢᠨ ᠪᠢᠴᠢᠭ | ᠮᠠᠲ᠋ᠧᠷᠢᠶᠠᠯ ᠢ ᠬᠠᠩᠭᠠᠨᠠ᠃ | ︵ᠨᠢᠭᠡ︶ ᠲᠦᠷᠢᠶᠡᠰᠦᠯᠡᠬᠦ ᠬᠥᠮᠥᠨ ᠤ ᠬᠠᠩᠭᠠᠬᠤ ᠮᠠᠲ᠋ᠧᠷᠢᠶᠠᠯ | 1. ᠪᠡᠶᠡ ᠶᠢᠨ ᠭᠠᠷᠤᠯ ᠤᠨ ᠭᠡᠷᠡᠴᠢ᠃ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠤ | ᠪᠡᠶᠡ ᠶᠢᠨ ᠦᠨᠡᠮᠯᠡᠯ᠂ ᠪᠡᠶᠡ ᠶᠢᠨ ᠦᠨᠡᠮᠯᠡᠯ ᠬᠢᠯᠭᠡᠭᠰᠡᠨ ᠦᠭᠡᠢ ᠪᠠᠶᠢᠪᠠᠯ ᠡᠷᠦᠬᠡ ᠠᠮᠠ ᠶᠢᠨ ᠨᠢᠭᠤᠷ ᠬᠠᠩᠭᠠᠨᠠ᠃ | 2. ᠠᠵᠢᠯ ᠣᠯᠣᠭᠰᠠᠨ᠂ ᠠᠳᠠᠯ ᠦᠢᠯᠡᠰ ᠴᠣᠭᠴᠠᠯᠠᠭᠰᠠᠨ ᠭᠡᠷᠡᠴᠢ᠃ ᠵᠠᠰᠠᠭ ᠵᠠᠬᠢᠷᠭᠠᠨ᠂ ᠠᠵᠢᠯ | ᠦᠢᠯᠡᠰ ᠤᠨ ᠨᠢᠭᠡᠴᠡ᠂ ᠠᠵᠤ ᠠᠬᠤᠶᠢᠯᠠᠯ ᠲᠠᠢ ᠠᠵᠢᠯ ᠣᠯᠭᠤᠯᠲᠠ ᠶᠢᠨ ᠭᠡᠷᠡ ᠲᠣᠭᠲᠠᠭᠰᠠᠨ ᠪᠣᠯ᠂ ᠭᠡᠷᠡ ᠶᠢᠨ | ᠬᠠᠭᠤᠯᠪᠦᠷᠢ ᠶᠢ ᠬᠠᠩᠭᠠᠬᠤ ᠶᠢᠨ ᠬᠠᠮᠲᠤ ᠠᠯᠪᠠᠨ ᠲᠠᠮᠠᠭᠠ ᠳᠠᠷᠤᠨᠠ︔ ᠠᠵᠢᠯ ᠣᠯᠭᠤᠯᠲᠠ ᠶᠢᠨ ᠭᠡᠷᠡ ᠲᠣᠭᠲᠠᠭᠰᠠᠨ | ᠦᠭᠡᠢ ᠪᠣᠯ᠂ ᠡᠷᠬᠡᠪᠰᠢ ᠬᠥᠮᠥᠨ ᠬᠡᠷᠡᠭᠯᠡᠬᠦ ᠨᠢᠭᠡᠴᠡ ᠠᠴᠠ ᠭᠠᠷᠭᠠᠭᠰᠠᠨ ᠠᠵᠢᠯ ᠤᠨ ᠭᠡᠷᠡᠴᠢ ᠶᠢ ᠬᠠᠩᠭᠠᠬᠤ ᠬᠡᠷᠡᠭᠲᠡᠢ | ︔ ᠠᠳᠠᠯ ᠦᠢᠯᠡᠰ ᠴᠣᠭᠴᠠᠯᠠᠭᠰᠠᠨ ᠬᠥᠮᠥᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ | ᠳᠠᠩᠰᠠᠯᠠᠭᠤᠯᠤᠭᠰᠠᠨ ᠡᠵᠡᠩᠨᠡᠯᠲᠡ ᠶᠢᠨ ᠦᠨᠡᠮᠯᠡᠯ ᠢ ᠬᠠᠩᠭᠠᠨᠠ᠃ | 3. ᠴᠢᠳᠠᠪᠤᠷᠢᠲᠠᠨ ᠢ ᠭᠡᠷᠡᠴᠢᠯᠡᠬᠦ ᠮᠠᠲ᠋ᠧᠷᠢᠶᠠᠯ ︵ᠨᠥᠬᠦᠴᠡᠯ ᠳᠤ ᠨᠡᠶᠢᠴᠡᠬᠦ ᠨᠢ ᠬᠠᠩᠭᠠᠨᠠ︶᠃ ᠪᠦᠬᠦᠯᠢ | ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠤᠶᠤᠲᠠᠨ | ᠂ ᠠᠰᠫᠢᠷᠠᠨᠲ᠂ ᠳ᠋ᠣᠺᠲ᠋ᠣᠷᠠᠨᠲ ᠰᠤᠷᠭᠠᠨ ᠬᠥᠮᠦᠵᠢᠯ ᠤᠨ ᠶᠠᠮᠤᠨ ᠤ ᠰᠤᠷᠤᠯᠭᠠ ᠶᠢᠨ ᠨᠠᠮᠲᠠᠷ ᠤᠨ ᠦᠨᠡᠮᠯᠡᠯ ᠤᠨ | ᠡᠯᠧᠺᠲᠷᠣᠨ ᠲᠠᠩᠰᠠᠯᠠᠭᠤᠯᠤᠭᠰᠠᠨ ᠬᠦᠰᠦᠨᠦᠭᠲᠦ︔ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ︽ | ᠬᠥᠬᠡᠬᠤᠲᠠ ᠶᠢᠨ ᠳᠡᠭᠡᠳᠦ ᠲᠠᠰ ᠳᠠᠪᠬᠤᠷᠭᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ | ᠭᠠᠷᠴᠠᠭ ︵ᠲᠤᠷᠰᠢᠨ ᠬᠡᠷᠡᠭᠵᠢᠭᠦᠯᠬᠦ︶︾ ᠤᠨ ᠶᠣᠰᠣᠭᠠᠷ ᠬᠠᠮᠢᠶᠠ ᠪᠦᠬᠦᠢ ᠭᠡᠷᠡᠴᠢ ᠪᠢᠴᠢᠭ᠂ ᠦᠨᠡᠮᠯᠡᠯ᠂ | ᠤᠷᠢᠯᠭᠠ ᠶᠢᠨ ᠪᠢᠴᠢᠭ ᠵᠡᠷᠭᠡ ᠭᠡᠷᠡᠴᠢᠯᠡᠬᠦ ᠮᠠᠲ᠋ᠧᠷᠢᠶᠠᠯ ᠢ ᠬᠠᠩᠭᠠᠨᠠ᠃ | ︵ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭᠠ | ᠮᠥᠴᠢᠷ ᠤᠨ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ | ᠲᠦᠷᠢᠶᠡᠰᠦᠯᠡᠬᠦ ᠬᠥᠮᠥᠨ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠤ ᠭᠡᠷ ᠬᠥᠷᠥᠩᠭᠡ ᠶᠢᠨ ᠮᠡᠳᠡᠭᠡ | ᠵᠠᠩᠭᠢ ᠶᠢᠨ ᠭᠡᠷᠡᠴᠢ᠃ | ᠵᠢᠷᠭᠤᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ APP ᠳᠤ ᠭᠠᠷᠴᠤ ᠰᠠᠨᠠᠭᠤᠯᠤᠮᠵᠢ ᠶᠢᠨ | ᠶᠣᠰᠣᠭᠠᠷ ᠬᠠᠮᠢᠶᠠ ᠪᠦᠬᠦᠢ ᠮᠡᠳᠡᠭᠡ ᠵᠠᠩᠭᠢ ᠶᠢ ᠲᠠᠭᠯᠠᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠬᠠᠷᠠᠭᠠᠯᠵᠠᠭᠰᠠᠨ | ᠪᠢᠴᠢᠭ ᠤᠨ ᠬᠠᠪᠢᠰᠤᠨ ᠳᠤ ᠣᠷᠤᠭᠤᠯᠵᠤ᠂ ᠥᠪᠡᠷᠲᠡᠭᠡᠨ ᠰᠦᠯᠵᠢᠶᠡᠨ ᠳᠡᠭᠡᠷᠡ ᠢᠯᠡ ᠪᠠᠷ ᠭᠡᠷ ᠰᠤᠩᠭᠤᠨᠠ᠂ | ᠰᠢᠰᠲ᠋ᠧᠮ ᠳᠡᠭᠡᠷᠡ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭᠠ᠂ ︽ᠭᠡᠷ ᠪᠠᠶᠢᠰᠢᠩ ᠢ ᠲᠣᠬᠢᠷᠠᠭᠤᠯᠤᠨ | ᠲᠦᠷᠢᠶᠡᠰᠦᠯᠡᠭᠦᠯᠬᠦ ᠮᠡᠳᠡᠭᠡ ᠵᠠᠩᠭᠢ ᠶᠢᠨ ᠬᠠᠭᠤᠳᠠᠰᠤ︾ ᠶᠢ ᠠᠶᠠᠨᠳᠠᠭᠠᠨ ᠪᠣᠶ ᠪᠣᠯᠭᠠᠬᠤ ᠶᠢᠨ ᠬᠠᠮᠲᠤ ᠬᠠᠷᠢᠶᠠ | ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠣᠨ ᠲᠦᠷᠢᠶᠡᠰᠦᠯᠡᠬᠦ ᠬᠥᠮᠥᠨ ᠳᠤ ᠬᠠᠷᠢᠭᠤ | ᠥᠭᠭᠦᠨᠡ᠃ ᠲᠦᠷᠢᠶᠡᠰᠦᠯᠡᠬᠦ ᠬᠥᠮᠥᠨ 3 ᠠᠵᠢᠯ ᠤᠨ ᠡᠳᠦᠷ ᠤᠨ ᠳᠣᠲᠣᠷᠠ ᠰᠦᠯᠵᠢᠶᠡᠨ ᠳᠡᠭᠡᠷᠡ ︽ᠭᠡᠷ | ᠪᠠᠶᠢᠰᠢᠩ ᠲᠦᠷᠢᠶᠡᠰᠦᠯᠡᠬᠦ ᠭᠡᠷᠡ︾ ᠲᠣᠭᠲᠠᠨ᠂ ᠲᠦᠷᠢᠶᠡᠰᠦᠨ ᠮᠥᠩᠭᠦ ᠪᠠᠨ ᠲᠤᠰᠢᠶᠠᠵᠤ᠂ ᠭᠡᠷ ᠪᠠᠶᠢᠰᠢᠩ ᠤᠨ | ᠪᠠᠶᠢᠭᠠ ᠬᠤᠷᠢᠶᠠᠯᠠᠯ ᠤᠨ ᠠᠳᠠᠯ ᠠᠬᠤᠢ ︵ᠪᠤᠶᠤ ᠭᠡᠷ ᠪᠠᠶᠢᠰᠢᠩ ᠤᠨ ᠬᠠᠮᠢᠶᠠᠷᠤᠭᠴᠢ︶ ᠶᠢᠨ ᠭᠠᠵᠠᠷ ᠲᠤ ᠬᠦᠷᠴᠦ | ᠣᠷᠣᠵᠤ ᠰᠠᠭᠤᠬᠤ ᠭᠠᠷᠳᠠᠮ ᠢᠶᠠᠨ ᠭᠦᠢᠴᠡᠳᠬᠡᠨᠡ᠃ | ᠨᠢᠭᠡᠴᠡ ︵ᠠᠵᠤ ᠠᠬᠤᠶᠢᠯᠠᠯ︶ ᠶᠢᠨ ᠲᠦᠷᠢᠶᠡᠰᠦᠯᠡᠬᠦ ᠬᠥᠮᠥᠨ ᠤ ᠲᠤᠭᠠ ᠨᠡᠯᠢᠶᠡᠳ ᠤᠯᠠᠨ ᠪᠣᠯ᠂ ᠨᠢᠭᠡᠴᠡ | ︵ᠠᠵᠤ ᠠᠬᠤᠶᠢᠯᠠᠯ︶ ᠠᠴᠠ ᠨᠢᠭᠡᠳᠦᠯᠲᠡᠢ ᠭᠤᠶᠤᠴᠢᠯᠠᠨ ᠭᠦᠢᠴᠡᠳᠬᠡᠵᠦ ᠪᠣᠯᠣᠨᠠ᠃ | ᠳᠣᠯᠣᠳᠤᠭᠠᠷ ᠵᠦᠢᠯ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ | ᠪᠣᠯᠤᠭᠰᠠᠨ ᠪᠤᠶᠤ ᠰᠠᠶᠢᠨ ᠳᠤᠷᠠ ᠠᠴᠠ ᠪᠠᠨ ᠭᠡᠷ ᠪᠠᠶᠢᠰᠢᠩ ᠲᠦᠷᠢᠶᠡᠰᠦᠯᠡᠵᠦ ᠰᠠᠭᠤᠬᠤ ᠪᠠᠨ ᠪᠣᠯᠢᠭᠰᠠᠨ ᠪᠠᠶᠢᠪᠠᠯ᠂ | ᠲᠦᠷᠢᠶᠡᠰᠦᠯᠡᠬᠦ ᠬᠥᠮᠥᠨ ᠨᠢ ᠭᠡᠷ ᠪᠠᠶᠢᠰᠢᠩ ᠤᠨ ᠪᠠᠶᠢᠭᠠ ᠬᠤᠷᠢᠶᠠᠯᠠᠯ ᠤᠨ ᠠᠳᠠᠯ ᠠᠬᠤᠢ ᠶᠢᠨ ᠰᠠᠯᠠᠭᠠ ᠮᠥᠴᠢᠷ ︵ | ᠪᠤᠶᠤ ᠭᠡᠷ ᠪᠠᠶᠢᠰᠢᠩ ᠤᠨ ᠬᠠᠮᠢᠶᠠᠷᠤᠭᠴᠢ︶ ᠳᠤ ᠭᠡᠷ ᠢᠶᠠᠨ ᠪᠤᠴᠠᠭᠠᠬᠤ ᠭᠤᠶᠤᠴᠢᠯᠠᠯ ᠢᠶᠠᠨ ᠴᠠᠭ ᠲᠤᠬᠠᠢ ᠳᠤᠨᠢ | ᠳᠤᠷᠠᠳᠴᠤ᠂ ᠠᠵᠢᠯᠲᠠᠨ ᠭᠡᠷ ᠪᠠᠶᠢᠰᠢᠩ ᠢ ᠪᠠᠶᠢᠴᠠᠭᠠᠨ ᠰᠢᠯᠭᠠᠵᠤ᠂ ᠤᠰᠤ ᠴᠠᠬᠢᠯᠭᠠᠨ ᠬᠡᠢ ᠳᠤᠯᠠᠭᠠᠯᠠᠭᠠ ᠶᠢ | ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠭᠦᠢᠴᠡᠳᠬᠡᠭᠰᠡᠨ ᠤ ᠲᠠᠷᠠᠭᠠ ᠳᠠᠷᠤᠢ ᠭᠡᠷ ᠢᠶᠠᠨ ᠪᠤᠴᠠᠭᠠᠵᠤ ᠪᠣᠯᠣᠨᠠ | ᠃ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠣᠯᠪᠠᠴᠤ 1 | ᠰᠠᠷᠠ ᠶᠢᠨ ᠳᠣᠲᠣᠷᠠ ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠬᠤᠭᠤᠴᠠᠭᠠ ᠠᠴᠠ | ᠬᠡᠲᠦᠷᠡᠭᠰᠡᠨ ᠤ ᠳᠠᠷᠠᠭᠠᠬᠢ ᠭᠡᠷ ᠤᠨ ᠲᠦᠷᠢᠶᠡᠰᠦ ᠶᠢ ᠵᠠᠬᠠ ᠳᠡᠯᠭᠡᠭᠦᠷ ᠤᠨ ᠵᠢᠯᠤᠭᠤᠳᠬᠤ ᠦᠨᠡ ᠪᠠᠷ ᠪᠦᠬᠦ | ᠲᠤᠭᠠ ᠪᠠᠷ ᠨᠢ ᠬᠤᠷᠢᠶᠠᠨᠠ︔ ᠰᠠᠶᠢᠨ ᠳᠤᠷᠠ ᠠᠴᠠ ᠪᠠᠨ ᠭᠡᠷ ᠪᠠᠶᠢᠰᠢᠩ ᠲᠦᠷᠢᠶᠡᠰᠦᠯᠡᠵᠦ ᠰᠠᠭᠤᠬᠤ ᠪᠠᠨ 365cc彩票老版_365比分足球官网_365bet网上娱乐平台 | ᠪᠣᠯᠢᠭᠰᠠᠨ ᠪᠠᠶᠢᠪᠠᠯ᠂ ᠭᠡᠷ ᠢᠶᠠᠨ ᠪᠤᠴᠠᠭᠠᠭᠰᠠᠨ ᠤ ᠳᠠᠷᠠᠭᠠᠬᠢ ᠤᠷᠢᠳᠴᠢᠯᠠᠨ ᠲᠤᠰᠢᠶᠠᠭᠰᠠᠨ ᠭᠡᠷ ᠤᠨ ᠲᠦᠷᠢᠶᠡᠰᠦ᠂ | ᠪᠡᠷᠢᠴᠠᠭᠠᠨ ᠤ ᠮᠥᠩᠭᠦ ᠶᠢ ᠬᠠᠮᠲᠤ ᠳᠤᠨᠢ ᠪᠤᠴᠠᠭᠠᠨᠠ᠃ | ᠪᠠᠲᠤᠯᠠᠭᠠ ᠶᠢᠨ ᠡᠲᠡᠭᠡᠳ ᠲᠤ ᠨᠡᠶᠢᠴᠡᠬᠦ ᠲᠦᠷᠢᠶᠡᠰᠦᠯᠡᠬᠦ ᠬᠥᠮᠥᠨ ︵ᠭᠡᠷ ᠪᠦᠯᠢ ᠶᠢᠨ ᠪᠦᠷᠢᠯᠳᠦᠭᠦᠨ ᠢ | ᠪᠠᠭᠲᠠᠭᠠᠨᠠ︶ ᠨᠢ ᠵᠥᠪᠬᠡᠨ ᠨᠢᠭᠡ ᠣᠷᠣᠨ ᠰᠠᠭᠤᠴᠠ ᠲᠦᠷᠢᠶᠡᠰᠦᠯᠡᠨ ᠰᠠᠭᠤᠬᠤ ᠪᠠᠷ ᠭᠤᠶᠤᠴᠢᠯᠠᠵᠤ ᠪᠣᠯᠣᠨᠠ᠂ | ᠣᠷᠣᠨ ᠰᠠᠭᠤᠴᠠ ᠶᠢᠨ ᠬᠠᠶ᠋ᠢᠭ ᠢᠶᠠᠨ ᠬᠤᠪᠢᠷᠠᠭᠤᠯᠬᠤ ᠴᠢᠬᠤᠯᠠᠲᠠᠢ ᠪᠣᠯ᠂ ᠲᠦᠷᠢᠶᠡᠰᠦᠯᠡᠬᠦ ᠬᠥᠮᠥᠨ ᠨᠢᠭᠡᠨᠲᠡ | ᠲᠦᠷᠢᠶᠡᠰᠦᠯᠡᠨ ᠰᠠᠭᠤᠭᠰᠠᠨ ᠭᠡᠷ ᠪᠠᠶᠢᠰᠢᠩ ᠢᠶᠠᠨ ᠪᠤᠴᠠᠭᠠᠬᠤ ᠭᠠᠷ ᠭᠦᠢᠴᠡᠳᠬᠡᠯ ᠢ ᠤᠷᠢᠳ ᠢᠶᠠᠷ ᠬᠢᠵᠦ᠂ ᠲᠠᠷᠠᠭᠠ | ᠨᠢ ᠲᠠᠬᠢᠨ ᠭᠤᠶᠤᠴᠢᠯᠠᠵᠤ ᠪᠣᠯᠣᠨᠠ᠃ ᠲᠦᠷᠢᠶᠡᠰᠦᠯᠡᠭᠰᠡᠨ ᠬᠥᠮᠥᠨ ᠭᠤᠶᠤᠴᠢᠯᠠᠭᠰᠠᠨ ᠪᠠᠲᠤᠯᠠᠭᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠳᠠᠭᠠᠨ ᠲᠣᠭᠲᠠᠭᠰᠠᠨ ᠴᠠᠭ ᠲᠠᠭᠠᠨ ᠣᠷᠣᠵᠤ ᠰᠠᠭᠤᠬᠤ ᠭᠠᠷᠳᠠᠮ ᠭᠦᠢᠴᠡᠳᠬᠡᠭᠰᠡᠨ | ᠦᠭᠡᠢ ᠪᠣᠯ ᠲᠦᠷᠢᠶᠡᠰᠦᠯᠡᠬᠦ ᠪᠠᠨ ᠪᠣᠯᠢᠭᠰᠠᠨ ᠢᠶᠠᠷ ᠦᠵᠡᠨᠡ᠂ ᠣᠨᠴᠠᠭᠠᠢ ᠰᠢᠯᠲᠠᠭᠠᠨ ᠦᠭᠡᠢ ᠪᠣᠯ ᠪᠠᠲᠤᠯᠠᠭᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠠᠬᠢᠨᠳᠠ ᠭᠤᠶᠤᠴᠢᠯᠠᠬᠤ ᠶᠢ ᠵᠥᠪᠰᠢᠶᠡᠷᠡᠬᠦ ᠦᠭᠡᠢ᠃ | ᠲᠦᠷᠢᠶᠡᠰᠦᠯᠡᠭᠰᠡᠨ ᠬᠥᠮᠥᠨ ᠳᠣᠣᠷᠠ ᠵᠢᠭᠰᠠᠭᠠᠭᠰᠠᠨ ᠦᠢᠯᠡ ᠠᠵᠢᠯᠯᠠᠭᠠ ᠶᠢᠨ ᠨᠢᠭᠡ ᠶᠢ ᠬᠢᠭᠰᠡᠨ ᠪᠠᠶᠢᠪᠠᠯ᠂ | ᠲᠦᠷᠢᠶᠡᠰᠦᠯᠡᠬᠦ ᠭᠡᠷᠡ ᠶᠢ ᠬᠦᠴᠦᠨ ᠦᠭᠡᠢ ᠪᠣᠯᠭᠠᠵᠤ᠂ ᠭᠡᠷ ᠪᠠᠶᠢᠰᠢᠩ ᠢ ᠨᠢ ᠬᠤᠷᠢᠶᠠᠨ ᠠᠪᠴᠤ᠂ ᠲᠡᠭᠦᠨ ᠤ | ᠦᠢᠯᠡ ᠠᠵᠢᠯᠯᠠᠭᠠ ᠶᠢ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨᠠ᠃ | ︵ᠨᠢᠭᠡ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠭᠠᠷᠭᠠᠬᠤ ᠵᠡᠷᠭᠡ ᠮᠡᠬᠡᠯᠡᠬᠦ ᠠᠷᠭᠠ ᠮᠠᠶ᠋ᠢᠭ ᠢᠶᠠᠷ | ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠢᠷᠢ ᠬᠡᠮ ᠣᠯᠣᠭᠰᠠᠨ︔ | ︵ᠬᠤᠶᠠᠷ︶ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠠᠳᠠᠭᠰᠢ ᠵᠢᠭᠡᠯᠡᠭᠦᠯᠦᠭᠰᠡᠨ᠂ | ᠰᠢᠯᠵᠢᠭᠦᠯᠦᠨ ᠲᠦᠷᠢᠶᠡᠰᠦᠯᠡᠭᠰᠡᠨ︔ | ︵ᠭᠤᠷᠪᠠ︶ ᠲᠦᠷᠢᠶᠡᠰᠦᠯᠡᠭᠰᠡᠨ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ | ᠪᠣᠯᠤᠭᠰᠠᠨ ᠪᠥᠭᠡᠳ 1 ᠰᠠᠷᠠ ᠶᠢᠨ ᠳᠣᠲᠣᠷᠠ ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ︔ | ︵ᠳᠥᠷᠪᠡ︶ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠴᠡ ᠪᠤᠶᠤ | ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠵᠤ᠂ ᠭᠡᠷ ᠪᠠᠶᠢᠰᠢᠩ ᠤᠨ ᠠᠶᠤᠯᠭᠦᠢ ᠶᠢ ᠬᠦᠨᠳᠦ ᠨᠣᠴᠢᠲᠠᠢ | ᠨᠥᠯᠥᠭᠡᠯᠡᠭᠰᠡᠨ︔ | ︵ᠲᠠᠪᠤ︶ ᠲᠦᠷᠢᠶᠡᠰᠦᠯᠡᠭᠰᠡᠨ ᠬᠥᠮᠥᠨ ᠰᠢᠯᠵᠢᠭᠦᠯᠦᠨ ᠲᠦᠷᠢᠶᠡᠰᠦᠯᠡᠭᠰᠡᠨ ᠪᠤᠶᠤ ᠭᠡᠷ ᠪᠠᠶᠢᠰᠢᠩ ᠳᠤ | ᠲᠣᠭᠲᠠᠭᠠᠯ ᠢ ᠵᠥᠷᠢᠴᠡᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭᠠ ᠥᠷᠨᠢᠭᠦᠯᠦᠭᠰᠡᠨ︔365cc彩票老版_365比分足球官网_365bet网上娱乐平台 | ︵ᠵᠢᠷᠭᠤᠭᠠ︶ ᠪᠠᠲᠤᠯᠠᠭᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠬᠠᠤᠯᠢ ᠶᠢ ᠵᠥᠷᠢᠴᠡᠭᠰᠡᠨ | ᠠᠵᠢᠯᠯᠠᠭᠠ ᠬᠢᠭᠰᠡᠨ︔ | ︵ᠲᠤᠯᠤᠭᠠ︶ ᠲᠦᠷᠢᠶᠡᠰᠦᠯᠡᠬᠦ ᠭᠡᠷᠡ ᠳᠤ ᠪᠣᠯᠵᠣᠨ ᠲᠣᠭᠲᠠᠭᠰᠠᠨ ᠢ ᠵᠥᠷᠢᠴᠡᠭᠰᠡᠨ ᠪᠤᠰᠤᠳ ᠪᠠᠶᠢᠳᠠᠯ ᠤᠳ᠃ | | ᠨᠠᠢᠮᠠᠳᠤᠭᠠᠷ ᠵᠦᠢᠯ ᠬᠠᠷᠢᠶᠠ ᠭᠠᠵᠠᠷ ᠤᠨ ᠰᠠᠬᠢᠯᠭᠠ ᠪᠠᠲᠤ ᠪᠠᠶᠢᠴᠠᠭᠠᠬᠤ ᠬᠤᠷᠢᠶᠠ ᠬᠢᠨᠠᠨ ᠪᠠᠶᠢᠴᠠᠭᠠᠬᠤ | ᠵᠥᠪᠯᠡᠯ ᠣᠷᠳᠣ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠪᠠᠲᠤᠯᠠᠭᠠ ᠶᠢᠨ | ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠡᠷᠡᠭᠯᠡᠬᠦ ᠵᠡᠷᠭᠡ | ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠪᠠᠶᠢᠴᠠᠭᠠᠨᠠ᠃ ᠡᠭᠦᠷᠭᠡ ᠲᠤᠰᠢᠶᠠᠯᠲᠤ ᠰᠠᠯᠠᠭᠠ ᠮᠥᠴᠢᠷ ᠤᠨ ᠠᠵᠢᠯᠲᠠᠨ | ᠠᠵᠢᠯ ᠳᠠᠭᠠᠨ ᠴᠠᠯᠠᠭᠠᠶᠢᠳᠠᠭᠰᠠᠨ᠂ ᠡᠷᠬᠡ ᠲᠤᠰᠢᠶᠠᠯ ᠢᠶᠠᠨ ᠳᠤᠷᠠ ᠪᠠᠷ ᠢᠶᠠᠨ ᠬᠡᠷᠡᠭᠯᠡᠭᠰᠡᠨ᠂ ᠬᠤᠪᠢ ᠶᠢᠨ | ᠨᠠᠶᠢᠷ ᠲᠠᠯᠠ ᠪᠠᠷ ᠬᠠᠤᠯᠢ ᠶᠣᠰᠣ ᠶᠢ ᠵᠥᠷᠢᠴᠡᠭᠰᠡᠨ᠂ ᠬᠡᠭᠡᠯᠢ ᠠᠪᠴᠤ ᠬᠠᠭ᠋ᠤᠤᠯᠢ ᠢᠳᠡᠭᠰᠡᠨ ᠪᠠᠶᠢᠳᠠᠯ ᠭᠠᠷᠪᠠᠯ᠂ | ᠬᠠᠤᠯᠢ ᠴᠠᠭᠠᠵᠠ ᠰᠠᠬᠢᠯᠭᠠ ᠪᠠᠲᠤ ᠶᠢᠨ ᠶᠣᠰᠣᠭᠠᠷ ᠴᠢᠩᠭᠠ ᠰᠢᠢᠳᠪᠦᠷᠢᠯᠡᠵᠦ᠂ ᠶᠠᠯᠠ ᠪᠣᠯᠣᠭᠰᠠᠨ ᠪᠠᠶᠢᠪᠠᠯ ᠬᠠᠤᠯᠢ | ᠴᠠᠭᠠᠵᠠ ᠶᠢᠨ ᠰᠠᠯᠠᠭᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠨᠡ᠃ | | |