ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭᠠ ᠴᠢ ᠰᠢᠶᠤᠤ ᠵᠢᠤᠸᠠᠨ᠂ ᠲᠥᠰᠦᠪ ᠤᠨ | ᠰᠠᠯᠠᠭᠠᠨ ᠤ ᠳᠡᠳ᠋ ᠳᠠᠷᠤᠭᠠ ᠰᠠᠶᠢᠶᠠ | | 1.ᠬᠠᠮᠢᠶᠠᠷᠤᠭᠴᠢ | ᠲᠣᠰ ᠤᠳᠠᠭᠠᠨ ᠤ ᠰᠤᠷᠪᠤᠯᠵᠢᠯᠠᠭᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠ ᠶᠢᠨ ᠤᠳᠬᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭᠠ ᠪᠣᠯᠤᠨᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷᠡ ᠦᠭᠡ ᠦᠯᠡᠳᠡᠭᠡᠵᠦ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨᠠ᠃ | 2. ᠬᠥᠲᠥᠯᠥᠭᠴᠢ | ᠰᠠᠶ᠋ᠢᠬᠠᠨ ᠦᠨᠳᠦᠷᠯᠡᠭᠰᠡᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠳᠡᠭᠡᠷᠡ᠂ ᠰᠦᠨ ᠱᠣᠤ | ᠴᠧᠩ ᠱᠦᠵᠢ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ | ᠣᠷᠣᠨ ᠤ ᠲᠥᠪ ᠬᠤᠲᠠ ᠶᠢᠨ ᠠᠵᠢᠯ ᠳᠤ ᠰᠢᠨᠡ ᠬᠦᠰᠡᠯ ᠡᠷᠡᠮᠡᠯᠵᠡᠯ ᠳᠤᠷᠠᠳᠴᠤ᠂ ᠣᠷᠣᠨ ᠤ ᠲᠥᠪ ᠬᠤᠲᠠ | ᠲᠦᠷᠦᠭᠦᠯᠡᠨ ᠬᠥᠭᠵᠢᠯᠲᠡ ᠶᠢ ᠠᠳᠬᠤᠵᠤ᠂ ᠬᠥᠭᠵᠢᠯᠲᠡ ᠪᠠᠨ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠳᠤ | ᠢᠯᠡᠭᠦᠬᠡᠨ ᠬᠤᠪᠢ ᠨᠡᠮᠡᠷᠢ ᠦᠵᠡᠭᠦᠯᠬᠦ ᠶᠢ ᠬᠦᠰᠡᠪᠡ᠃ ᠲᠡᠭᠡᠪᠡᠯ ᠰᠠᠶ᠋ᠢᠬᠠᠨ ᠥᠩᠭᠡᠷᠡᠭᠰᠡᠨ 2022 ᠣᠨ ᠳᠤ᠂ | ᠣᠷᠣᠨ ᠤ ᠲᠥᠪ ᠬᠤᠲᠠ ᠶᠢᠨ ᠡᠳ᠋ ᠤᠨ ᠵᠠᠰᠠᠭ ᠤᠨ ᠰᠠᠯᠠᠭᠠ ᠮᠥᠴᠢᠷ ᠮᠠᠨ ᠤ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠲᠠᠯᠠ ᠪᠠᠷ ᠶᠠᠮᠠᠷ ᠶᠠᠮᠠᠷ ᠬᠤᠪᠢ ᠨᠡᠮᠡᠷᠢ ᠦᠵᠡᠭᠦᠯᠦᠭᠰᠡᠨ | ᠪᠣᠶ︖ 2023 ᠣᠨ ᠳᠤ ᠶᠠᠮᠠᠷ ᠶᠠᠮᠠᠷ ᠠᠵᠢᠯ ᠢ ᠭᠤᠤᠯᠳᠠᠯᠭᠠ ᠲᠠᠢ ᠰᠠᠶᠢᠲᠤᠷ ᠬᠢᠬᠦ ᠪᠣᠶ︖ ᠥᠨᠥᠳᠦᠷ ᠤᠨ | ᠫᠷᠤᠭ᠍ᠷᠠᠮ ᠳᠤ᠂ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠ ᠶᠢᠨ ᠳᠡᠳ᠋ ᠳᠠᠷᠤᠭᠠ ᠴᠢ ᠰᠢᠶᠤᠤ | ᠵᠢᠤᠸᠠᠨ ᠪᠣᠯᠤᠨ ᠲᠥᠰᠦᠪ ᠤᠨ ᠰᠠᠯᠠᠭᠠᠨ ᠤ ᠳᠡᠳ᠋ ᠳᠠᠷᠤᠭᠠ ᠶᠢ ᠣᠨᠴᠠᠭᠠᠶᠢᠯᠠᠨ ᠤᠷᠢᠵᠤ᠂ ︽ᠠᠵᠢᠯᠯᠠᠭᠠᠨ ᠢ | ᠲᠣᠭᠲᠠᠭᠤᠨ ᠪᠠᠶᠢᠯᠭᠠᠵᠤ᠂ ᠬᠥᠭᠵᠢᠯᠲᠡ ᠶᠢ ᠠᠬᠢᠭᠤᠯᠤᠨ᠂ ᠰᠢᠨᠡ ᠪᠠᠶᠢᠳᠠᠯ ᠢ ᠨᠡᠭᠡᠭᠡᠬᠦ︾ ᠶᠢᠨ ᠲᠣᠭᠤᠷᠢᠨ ᠳᠤ | ᠰᠦᠯᠵᠢᠶᠡᠨ ᠤ ᠠᠨᠳᠠ ᠨᠠᠷ ᠪᠣᠯᠤᠨ ᠰᠣᠨᠣᠰᠤᠭᠴᠢᠳ ᠲᠠᠢ ᠰᠦᠯᠵᠢᠶᠡᠨ ᠳᠡᠭᠡᠷᠡ ᠰᠠᠨᠠᠯ ᠢᠶᠠᠨ ᠰᠣᠯᠢᠯᠴᠠᠪᠠ᠃ | 3. ᠬᠥᠲᠥᠯᠥᠭᠴᠢ | ᠮᠠᠨ ᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠳᠡᠭᠡᠷᠡ᠂ ᠾᠧ ᠬᠠᠶ ᠳ᠋ᠦᠩ ᠬᠤᠲᠠ ᠶᠢᠨ ᠳᠠᠷᠤᠭᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠬᠢᠬᠦ ᠳᠡᠭᠡᠨ ᠵᠢᠭᠠᠵᠤ ᠭᠠᠷᠭᠠᠭᠰᠠᠨ ᠨᠢ᠂ 2022 ᠣᠨ ᠪᠣᠯ ᠲᠦᠢᠯ ᠤᠨ ᠶᠡᠷᠦ ᠪᠤᠰᠤ ᠶᠢᠨ᠂ | ᠲᠦᠢᠯ ᠤᠨ ᠬᠦᠴᠢᠷ ᠪᠡᠷᠬᠡᠰᠢᠶᠡᠯ ᠲᠠᠢ᠂ ᠲᠦᠢᠯ ᠤᠨ ᠮᠠᠷᠲᠠᠭᠳᠠᠰᠢ ᠥᠬᠡᠶ ᠨᠢᠭᠡ ᠵᠢᠯ ᠮᠥᠨ᠂ ᠪᠥᠬᠦ | ᠬᠤᠲᠠ ᠪᠠᠷ ᠢᠶᠠᠨ ᠨᠠᠮ ᠤᠨ ᠲᠥᠪ ᠬᠤᠷᠢᠶᠠ ᠶᠢᠨ ᠪᠠᠲᠤ ᠴᠢᠩᠭᠠ ᠤᠳᠤᠷᠢᠳᠤᠯᠭᠠ ᠳᠣᠤᠷᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠ ᠶᠢᠨ ᠡᠯᠡ ᠵᠦᠶ᠋ᠯ ᠤᠨ | ᠰᠢᠢᠳᠪᠦᠷᠢᠲᠦ ᠪᠣᠳᠣᠯᠭᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠤᠯᠤᠰ ᠤᠨ | ᠳᠣᠲᠣᠭᠠᠳᠤ ᠶᠢᠨ ᠠᠵᠤ ᠠᠬᠤᠶ ᠶᠢᠨ ᠪᠠᠭᠤᠷᠠᠯᠲᠠ ᠪᠠ ᠬᠢᠵᠢᠭ ᠤᠨ ᠪᠠᠶᠢᠳᠠᠯ ᠤᠨ ᠳᠠᠬᠢᠨ ᠳᠠᠪᠲᠠᠨ ᠳᠠᠭᠠᠷᠢᠯᠲᠠ ᠶᠢᠨ | ᠳᠠᠪᠬᠤᠴᠠᠭᠰᠠᠨ ᠨᠥᠯᠥᠭᠡ ᠶᠢ ᠪᠦᠲᠦᠮᠵᠢᠲᠡᠶ ᠠᠷᠭᠠᠴᠠᠭᠠᠳ ᠬᠢᠯᠪᠠᠷ ᠪᠤᠰᠤ ᠪᠠᠷ᠂ ᠬᠤᠪᠣᠷ ᠨᠠᠨᠳᠢᠨ ᠬᠥᠭᠵᠢᠯᠲᠡ ᠶᠢᠨ | ᠠᠮᠵᠢᠯᠲᠠ ᠪᠦᠲᠦᠮᠵᠢ ᠶᠢ ᠣᠯᠤᠭᠰᠠᠨ ᠪᠠᠶᠢᠨᠠ᠃ ᠲᠡᠭᠡᠪᠡᠯ᠂ 2022 ᠣᠨ ᠳᠤ᠂ ᠮᠠᠨ ᠤ ᠬᠤᠲᠠ ᠶᠢᠨ ᠡᠳ᠋ ᠤᠨ | ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠶᠠᠮᠠᠷ ᠵᠡᠷᠭᠡ ᠪᠣᠢ︖ | 4. ᠲᠥᠰᠦᠪ ᠤᠨ ᠰᠠᠯᠠᠭᠠᠨ ᠤ ᠳᠡᠳ᠋ ᠳᠠᠷᠤᠭᠠ ᠰᠠᠶᠢᠶᠠ | | | | | | 2022 ᠣᠨ ᠳᠤ᠂ ᠬᠤᠲᠠ ᠶᠢᠨ ᠨᠠᠮ ᠤᠨ ᠬᠤᠷᠢᠶᠠ᠂ ᠵᠠᠰᠠᠭ ᠤᠨ ᠣᠷᠳᠣᠨ ᠤ ᠪᠠᠲᠤ ᠴᠢᠩᠭᠠ | ᠤᠳᠤᠷᠢᠳᠤᠯᠭᠠ ᠳᠣᠣᠷᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠢᠨᠠᠯᠲᠠ ᠳᠡᠮᠵᠢᠯᠭᠡ ᠳᠣᠣᠷᠠ᠂ ᠪᠢᠳᠡ ᠰᠢ ᠶᠢᠨ ᠫᠢᠩ ᠤᠨ ᠰᠢᠨᠡ ᠴᠠᠭ ᠦᠶᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠ ᠪᠠᠷ ᠵᠢᠯᠤᠭᠤᠳᠤᠯᠭᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠤᠳᠠᠭᠠ ᠪᠦᠷᠢ ᠶᠢᠨ ᠪᠦᠭᠦᠳᠡ ᠬᠤᠷᠠᠯ ᠤᠨ | ᠵᠣᠷᠢᠭ ᠰᠠᠨᠠᠭᠠ ᠶᠢ ᠪᠦᠬᠦ ᠲᠠᠯᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠ ᠶᠢ ᠪᠦᠬᠦ | ᠲᠠᠯᠠ ᠪᠠᠷ ᠨᠠᠶᠢᠳᠠᠪᠤᠷᠢᠵᠢᠭᠤᠯᠵᠤ᠂ ᠰᠢᠨᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠥᠬᠦ ᠲᠠᠯᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠤᠶᠠᠷ ᠡᠭᠡᠯᠵᠢ ᠶᠢᠨ ᠶᠡᠭᠡ ᠬᠡᠪᠴᠢᠶᠡᠨ ᠤ | ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠶ | ᠠᠷᠭᠠᠴᠠᠭᠠᠵᠤ᠂ ︽ᠵᠢᠷᠭᠤᠭᠠ ᠶᠢ ᠲᠣᠭᠲᠠᠭᠤᠨ ᠪᠠᠶᠢᠯᠭᠠᠬᠤ︾ ︽ᠵᠢᠷᠭᠤᠭᠠ ᠶᠢ ᠪᠠᠲᠤᠯᠠᠬᠤ︾ ᠶᠢ ᠯᠠᠪᠳᠠᠭᠤᠨ ᠢᠶᠠᠷ | ᠠᠬᠢᠭᠤᠯᠤᠨ᠂ ᠵᠠᠷᠤᠯᠭᠠ ᠶᠢᠨ ᠪᠦᠲᠦᠴᠡ ᠶᠢᠨ ᠪᠠᠲᠤᠯᠠᠭᠠ ᠶᠢᠨ ᠭᠤᠤᠯᠳᠠᠯᠭᠠ ᠲᠠᠢ ᠡᠭᠦᠷᠭᠡ ᠶᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠪᠥᠬᠦ ᠬᠤᠲᠠ ᠶᠢᠨ ᠲᠥᠰᠦᠪ ᠢ ᠭᠦᠢᠴᠡᠳᠭᠡᠭᠰᠡᠨ ᠪᠠᠶᠢᠳᠠᠯ ᠶᠡᠷᠦᠩᠬᠡᠶ ᠳᠡᠭᠡᠨ ᠰᠠᠶᠢᠨ ᠪᠠᠶᠢᠨᠠ᠃ | ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭᠠ ᠵᠠᠷᠤᠯᠭᠠ ᠶᠢᠨ ᠪᠠᠶᠢᠳᠠᠯ ᠠᠴᠠ | ᠦᠵᠡᠪᠡᠯ᠂ ᠤᠷᠤᠯᠭᠠ ᠶᠢ 230.87 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠬᠢ ᠠᠴᠠ 0. | 85% ᠪᠠᠷ ᠨᠡᠮᠡᠭᠳᠡᠨ᠂ ᠣᠷᠣᠯᠭᠠ ᠶᠢᠨ ᠶᠡᠷᠦᠩᠬᠡᠶ ᠬᠡᠮᠵᠢᠶᠡ ᠪᠥᠬᠦ ᠣᠷᠣᠨ ᠳᠤ ᠬᠤᠶᠠᠳᠤᠭᠠᠷ ᠲᠤ ᠵᠢᠭᠰᠠᠭᠠᠭᠳᠠᠪᠠ᠃ | ᠡᠭᠦᠨ ᠤ ᠳᠡᠭᠡᠷᠡ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭᠠ 267.43 ᠳ᠋ᠦᠩᠰᠢᠭᠤᠷ ᠲᠥᠭᠦᠷᠢᠭ᠂ | ᠡᠩ ᠤᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭᠠ 43.5 ᠳ᠋ᠦᠩᠰᠢᠭᠤᠷ | ᠲᠥᠭᠦᠷᠢᠭ᠂ ᠳᠡᠭᠡᠷᠡ ᠵᠢᠯ ᠤᠨ ᠦᠯᠡᠳᠡᠪᠦᠷᠢ 135.74 ᠳ᠋ᠦᠩᠰᠢᠭᠤᠷ ᠲᠥᠭᠦᠷᠢᠭ᠂ ᠲᠥᠰᠦᠪ ᠤᠨ | ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 3 ᠳ᠋ᠦᠩᠰᠢᠭᠤᠷ ᠲᠥᠭᠦᠷᠢᠭ ᠢ ᠬᠥᠳᠡᠯᠭᠡᠨ ᠬᠡᠷᠡᠭᠯᠡᠵᠦ᠂ | ᠰᠢᠯᠵᠢᠭᠦᠯᠦᠨ ᠣᠷᠣᠭᠤᠯᠤᠭᠰᠠᠨ ᠪᠡᠯᠡ ᠮᠥᠩᠭᠦ 2 ᠳ᠋ᠦᠩᠰᠢᠭᠤᠷ ᠲᠥᠭᠦᠷᠢᠭ᠂ ᠣᠷᠣᠯᠭᠠ ᠨᠡᠶᠢᠳᠡ 682.54 | ᠳ᠋ᠦᠩᠰᠢᠭᠤᠷ ᠲᠥᠭᠦᠷᠢᠭ ᠲᠤ ᠬᠦᠷᠴᠡᠶ᠃ ᠵᠠᠷᠤᠯᠭᠠ ᠶᠢ 420.82 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠨᠢᠳᠤᠨᠤᠨ ᠤ ᠬᠢ ᠠᠴᠠ 0.02% ᠢᠶᠠᠷ ᠨᠡᠮᠡᠭᠳᠡᠨ᠂ ᠵᠠᠷᠤᠯᠭᠠ ᠶᠢᠨ ᠶᠡᠷᠦᠩᠬᠡᠶ ᠬᠡᠮᠵᠢᠶᠡ ᠪᠥᠬᠦ ᠣᠷᠣᠨ ᠳᠤ | ᠲᠠᠪᠤᠳᠤᠭᠠᠷ ᠲᠤ ᠵᠢᠭᠰᠠᠭᠠᠭᠳᠠᠪᠠ᠃ ᠡᠭᠦᠨ ᠤ ᠳᠡᠭᠡᠷᠡ ᠳᠡᠭᠡᠭᠰᠢ ᠳᠡᠭᠡᠳᠦ ᠱᠠᠲᠤᠨ ᠳᠤ ᠲᠤᠰᠢᠶᠠᠭᠰᠠᠨ ᠵᠠᠷᠤᠯᠭᠠ 2. | 55 ᠳ᠋ᠦᠩᠰᠢᠭᠤᠷ ᠲᠥᠭᠦᠷᠢᠭ᠂ ᠡᠩ ᠤᠨ ᠥᠭᠴᠡᠭᠡ ᠶᠢᠨ ᠡᠭᠡ ᠮᠥᠩᠭᠦ ᠶᠢ ᠪᠤᠴᠠᠭᠠᠬᠤ ᠵᠠᠷᠤᠯᠭᠠ 10.53 | ᠳ᠋ᠦᠩᠰᠢᠭᠤᠷ ᠲᠥᠭᠦᠷᠢᠭ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 6.5 | ᠳ᠋ᠦᠩᠰᠢᠭᠤᠷ ᠲᠥᠭᠦᠷᠢᠭ᠂ ᠵᠠᠷᠤᠯᠭᠠ ᠨᠡᠶᠢᠳᠡ 440.4 ᠳ᠋ᠦᠩᠰᠢᠭᠤᠷ ᠲᠥᠭᠦᠷᠢᠭ ᠲᠤ ᠬᠦᠷᠴᠡᠢ᠃ | ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ | ᠪᠠᠶᠢᠳᠠᠯ ᠠᠴᠠ ᠦᠵᠡᠪᠡᠯ᠂ ᠣᠷᠣᠯᠭᠠ ᠶᠢ 55.36 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠤ ᠳᠡᠭᠡᠷᠡ | ᠳᠡᠭᠡᠳᠦ ᠱᠠᠲᠤᠨ ᠤ ᠨᠥᠬᠦᠪᠥᠷᠢ ᠶᠢᠨ ᠣᠷᠣᠯᠭᠠ 1.86 ᠳ᠋ᠦᠩᠰᠢᠭᠤᠷ ᠲᠥᠭᠦᠷᠢᠭ᠂ ᠲᠤᠰᠬᠠᠶ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭᠠ 19.61 ᠳ᠋ᠦᠩᠰᠢᠭᠤᠷ ᠲᠥᠭᠦᠷᠢᠭ᠂ | ᠳᠡᠭᠡᠷᠡ ᠵᠢᠯ ᠤᠨ ᠦᠯᠡᠳᠡᠪᠦᠷᠢ 59.23 ᠳ᠋ᠦᠩᠰᠢᠭᠤᠷ ᠲᠥᠭᠦᠷᠢᠭ᠂ ᠣᠷᠣᠯᠭᠠ ᠨᠡᠶᠢᠳᠡ 136.06 ᠳ᠋ᠦᠩᠰᠢᠭᠤᠷ | ᠲᠥᠭᠦᠷᠢᠭ ᠲᠤ ᠬᠦᠷᠴᠡᠶ᠃ ᠵᠠᠷᠤᠯᠭᠠ ᠶᠢ 78.01 ᠳ᠋ᠦᠩᠰᠢᠭᠤᠷ ᠲᠥᠭᠦᠷᠢᠭ ᠪᠡᠶᠡᠯᠡᠭᠦᠯᠪᠡ᠂ ᠡᠭᠦᠨ ᠤ ᠳᠡᠭᠡᠷᠡ | ᠥᠷᠢ ᠥᠭᠴᠡᠭᠡ ᠶᠢᠨ ᠡᠭᠡ ᠮᠥᠩᠭᠦ ᠶᠢ ᠪᠤᠴᠠᠭᠠᠭᠰᠠᠨ ᠵᠠᠷᠤᠯᠭᠠ 3.84 ᠳ᠋ᠦᠩᠰᠢᠭᠤᠷ ᠲᠥᠭᠦᠷᠢᠭ᠂ ᠰᠢᠯᠵᠢᠭᠦᠯᠦᠨ | ᠭᠠᠷᠭᠠᠭᠰᠠᠨ ᠪᠡᠯᠡ ᠮᠦᠩᠭᠦ 1.45 ᠳ᠋ᠦᠩᠰᠢᠭᠤᠷ ᠲᠥᠭᠦᠷᠢᠭ᠂ ᠵᠠᠷᠤᠯᠭᠠ ᠨᠡᠶᠢᠳᠡ 83.3 ᠳ᠋ᠦᠩᠰᠢᠭᠤᠷ | ᠲᠥᠭᠦᠷᠢᠭ ᠲᠤ ᠬᠦᠷᠴᠡᠶ᠃ | ᠪᠦᠬᠦ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ | ᠭᠦᠢᠴᠡᠳᠬᠡᠭᠰᠡᠨ ᠪᠠᠶᠢᠳᠠᠯ ᠠᠴᠠ ᠦᠵᠡᠪᠡᠯ᠂ ᠣᠷᠣᠯᠭᠠ ᠶᠢ 8296 ᠲᠦᠮᠡᠨ ᠲᠥᠭᠦᠷᠢᠭ ᠪᠡᠶᠡᠯᠡᠭᠦᠯᠪᠡ᠃ | ᠡᠭᠦᠨ ᠳᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭᠠ 5568 | ᠲᠦᠮᠡᠨ ᠲᠥᠭᠦᠷᠢᠭ᠂ ᠳᠡᠭᠡᠳᠦ ᠱᠠᠲᠤᠨ ᠠᠴᠠ ᠪᠠᠭᠤᠯᠭᠠᠭᠰᠠᠨ ᠨᠥᠬᠦᠪᠥᠷᠢ ᠮᠥᠩᠭᠦ 707 ᠲᠦᠮᠡᠨ ᠲᠥᠭᠦᠷᠢᠭ᠂ | ᠳᠡᠭᠡᠷᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭᠠ 2021 ᠲᠦᠮᠡᠨ ᠲᠥᠭᠦᠷᠢᠭ ᠲᠤ ᠬᠦᠷᠴᠡᠶ᠃ | ᠵᠠᠷᠤᠯᠭᠠ ᠶᠢ 566 ᠲᠦᠮᠡᠨ ᠲᠥᠭᠦᠷᠢᠭ ᠪᠡᠶᠡᠯᠡᠭᠦᠯᠪᠡ᠃ ᠡᠩ ᠤᠨ ᠤᠯᠠᠨ ᠨᠡᠶᠢᠲᠡ ᠶᠢᠨ ᠲᠥᠰᠦᠪ ᠲᠤ 5542 | ᠲᠦᠮᠡᠨ ᠲᠥᠭᠦᠷᠢᠭ ᠰᠢᠯᠵᠢᠭᠦᠯᠦᠨ ᠣᠷᠣᠭᠤᠯᠵᠤ᠂ ᠨᠡᠶᠢᠭᠡᠮ ᠤᠨ ᠪᠠᠲᠤᠯᠠᠭᠠ ᠶᠢᠨ ᠦᠢᠯᠡᠰ ᠤᠨ ᠵᠠᠷᠤᠯᠭᠠ ᠳᠤ | ᠨᠢᠭᠡᠳᠦᠯᠲᠡᠶ ᠲᠥᠯᠥᠪᠯᠡᠨ ᠬᠡᠷᠡᠭᠯᠡᠪᠡ᠃ | ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ | ᠪᠠᠶᠢᠳᠠᠯ ᠠᠴᠠ ᠦᠵᠡᠪᠡᠯ᠂ ᠣᠷᠣᠯᠭᠠ ᠶᠢ 102.92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠠᠷᠤᠯᠭᠠ ᠶᠢ 92. | 1 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠤ ᠳᠣᠲᠣᠷᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭᠠ 9.18 | ᠳ᠋ᠦᠩᠰᠢᠭᠤᠷ ᠲᠥᠭᠦᠷᠢᠭ᠂ ᠵᠠᠷᠤᠯᠭᠠ 6.44 ᠳ᠋ᠦᠩᠰᠢᠭᠤᠷ ᠲᠥᠭᠦᠷᠢᠭ᠂ ᠠᠯᠪᠠᠨ ᠪᠠᠶᠢᠭᠤᠯᠭᠠ ᠠᠵᠢᠯ | ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭᠠ 3. | 01 ᠳ᠋ᠦᠩᠰᠢᠭᠤᠷ ᠲᠥᠭᠦᠷᠢᠭ᠂ ᠵᠠᠷᠤᠯᠭᠠ 31.28 ᠳ᠋ᠦᠩᠰᠢᠭᠤᠷ ᠲᠥᠭᠦᠷᠢᠭ᠂ ᠬᠤᠳᠠ ᠪᠠᠯᠭᠠᠰᠤᠨ ᠤ ᠠᠵᠢᠯᠳᠠᠨ | ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭᠠ 39.62 | ᠳ᠋ᠦᠩᠰᠢᠭᠤᠷ ᠲᠥᠭᠦᠷᠢᠭ᠂ ᠵᠠᠷᠤᠯᠭᠠ 30.79 ᠳ᠋ᠦᠩᠰᠢᠭᠤᠷ ᠲᠥᠭᠦᠷᠢᠭ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭᠠ 15.83 | ᠳ᠋ᠦᠩᠰᠢᠭᠤᠷ ᠲᠥᠭᠦᠷᠢᠭ᠂ ᠵᠠᠷᠤᠯᠭᠠ 12.47 ᠳ᠋ᠦᠩᠰᠢᠭᠤᠷ ᠲᠥᠭᠦᠷᠢᠭ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭᠠ 1.16 ᠳ᠋ᠦᠩᠰᠢᠭᠤᠷ ᠲᠥᠭᠦᠷᠢᠭ᠂ ᠵᠠᠷᠤᠯᠭᠠ 1.39 | ᠳ᠋ᠦᠩᠰᠢᠭᠤᠷ ᠲᠥᠭᠦᠷᠢᠭ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭᠠ 6.12 | ᠳ᠋ᠦᠩᠰᠢᠭᠤᠷ ᠲᠥᠭᠦᠷᠢᠭ᠂ ᠵᠠᠷᠤᠯᠭᠠ 9.72 ᠳ᠋ᠦᠩᠰᠢᠭᠤᠷ ᠲᠥᠭᠦᠷᠢᠭ ᠪᠣᠯᠤᠨᠠ᠃ | 5. ᠬᠥᠲᠥᠯᠥᠭᠴᠢ | 2022 ᠣᠨ ᠳᠤ᠂ ᠡᠳ᠋ ᠤᠨ ᠵᠠᠰᠠᠭ ᠤᠨ ᠰᠠᠯᠠᠭᠠ ᠮᠥᠴᠢᠷ ᠠᠵᠤ ᠠᠬᠤᠢ ᠶᠢ ᠲᠣᠭᠲᠠᠪᠤᠷᠢᠵᠢᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠯᠠ ᠪᠠᠷ ᠶᠠᠮᠠᠷ ᠶᠠᠮᠠᠷ ᠪᠦᠲᠦᠮᠵᠢᠲᠡᠢ ᠠᠷᠭᠠ ᠬᠡᠮᠵᠢᠶᠡ ᠠᠪᠤᠭᠰᠠᠨ | ᠪᠤᠢ︖ | 6. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭᠠ ᠴᠢ ᠰᠢᠶᠤᠤ ᠵᠢᠤᠸᠠᠨ | ᠡᠩ ᠲᠡᠷᠢᠭᠦᠨ ᠳᠤ᠂ ᠪᠢᠳᠡ ︽ᠡᠳ᠋ ᠤᠨ ᠵᠠᠰᠠᠭ ᠤᠨ ᠠᠵᠢᠯᠯᠠᠭᠠᠨ ᠢ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠯᠭᠠᠬᠤ︾ ᠶᠢ ᠠᠵᠤ ᠠᠬᠤᠶ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠶᠢᠨ ᠴᠢᠬᠤᠯᠠ ᠰᠠᠭᠤᠷᠢ ᠪᠣᠯᠭᠠᠵᠤ᠂ ᠭᠤᠣᠯᠳᠠᠭᠤ ᠳᠣᠣᠷᠠᠬᠢ ᠭᠤᠷᠪᠠᠨ ᠲᠠᠯᠠ ᠪᠠᠷ ᠡᠬᠢ ᠰᠤᠷᠪᠤᠯᠵᠢ ᠶᠢ | ᠨᠡᠭᠡᠭᠡᠬᠦ ᠶᠢ ᠠᠳᠬᠤᠵᠤ᠂ ᠵᠠᠷᠤᠯᠭᠠ ᠶᠢ ᠠᠷᠪᠢᠯᠠᠬᠤ ᠶᠢ ᠠᠬᠢᠭᠤᠯᠪᠠ᠃ ᠨᠢᠭᠡ ᠳᠤ ᠣᠷᠣᠯᠭᠠ ᠶᠢᠨ ᠨᠡᠮᠡᠭᠳᠡᠯ ᠢ ᠣᠯᠠᠨ | ᠠᠷᠭᠠ ᠵᠠᠮ ᠢᠶᠠᠷ ᠠᠬᠢᠭᠤᠯᠪᠠ᠃ ᠬᠤᠲᠠ ᠶᠢᠨ ᠡᠳ᠋ ᠤᠨ ᠵᠠᠰᠠᠭ᠂ ᠬᠤᠲᠠ ᠶᠢᠨ ᠭᠠᠶᠢᠯᠢ ᠶᠢᠨ ᠶᠠᠪᠤᠳᠠᠯ ᠪᠠ | ᠬᠤᠰᠢᠭᠤ ᠰᠢᠶᠠᠨ ᠲᠣᠭᠤᠷᠢᠭ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠡᠪ ᠤᠨ ᠣᠷᠣᠯᠭᠠ ᠶᠢ | ᠬᠥᠮᠥᠷᠭᠡ ᠳᠤ ᠣᠷᠣᠭᠤᠯᠬᠤ ᠪᠠ ᠥᠷᠢᠲᠦᠵᠦ ᠪᠠᠶᠢᠭᠠ ᠭᠠᠶᠢᠯᠢ ᠰᠦᠢᠳᠭᠡᠯ ᠢ ᠢᠯᠭᠠᠷᠠᠭᠤᠯᠤᠨ ᠲᠤᠰᠢᠶᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠪᠠ᠃ ᠭᠠᠶᠢᠯᠢ ᠶᠢᠨ ᠪᠤᠰᠤ ᠣᠷᠣᠯᠭᠠ ᠶᠢ ᠬᠤᠷᠠᠮᠳᠤᠭᠤᠯᠬᠤ ᠡᠷᠴᠢᠮ ᠪᠣᠯᠤᠨ | ᠶᠡᠷᠦᠩᠬᠡᠶ ᠬᠡᠯᠲᠡᠰ ᠤᠨ ᠭᠠᠶᠢᠯᠢ ᠲᠠᠲᠠᠪᠤᠷᠢ ᠶᠢ ᠴᠢᠷᠮᠠᠶᠢᠨ ᠤᠯᠬᠤ ᠡᠷᠴᠢᠮ ᠢᠶᠠᠨ ᠴᠢᠩᠭᠠᠷᠠᠭᠤᠯᠵᠤ᠂ ᠵᠡᠭᠦᠨ | ᠬᠡᠰᠡᠭ ᠤᠨ ᠴᠠᠬᠢᠯᠭᠠᠨ ᠬᠦᠴᠦᠨ ᠪᠣᠯᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠶᠡᠷᠦᠩᠬᠡᠶ ᠬᠡᠯᠲᠡᠰ ᠤᠨ | ᠭᠠᠶᠢᠯᠢ ᠲᠠᠲᠠᠪᠤᠷᠢ ᠶᠢ ᠠᠮᠵᠢᠯᠲᠠ ᠲᠠᠢ ᠴᠢᠷᠮᠠᠶᠢᠨ ᠤᠯᠪᠠ᠃ ᠬᠤᠶᠠᠷ ᠲᠤ ᠬᠠᠷᠠᠯᠲᠠ ᠪᠠᠨ ᠴᠢᠩᠭᠠ ᠠᠳᠬᠤᠵᠤ | ᠥᠭᠡᠳᠡᠯᠡᠨ ᠲᠡᠮᠡᠴᠡᠬᠦ ᠬᠡᠷᠡᠭᠲᠡᠶ᠃ ᠲᠥᠪ ᠠᠴᠠ ᠰᠢᠯᠵᠢᠭᠦᠯᠦᠨ ᠥᠭᠬᠦ ᠶᠢ ᠨᠡᠮᠡᠭᠳᠡᠭᠦᠯᠬᠦ ᠪᠠ ᠡᠳ᠋ ᠤᠨ ᠬᠦᠴᠦᠨ ᠢ | ᠳᠣᠷᠣᠭᠰᠢ ᠪᠠᠭᠤᠯᠭᠠᠬᠤ ᠠᠰᠢᠭᠲᠠᠶ ᠬᠦᠴᠦᠨ ᠵᠦᠢᠯ ᠢ ᠴᠢᠩᠭᠠ ᠠᠳᠬᠤᠵᠤ᠂ ᠳᠡᠭᠡᠳᠦ ᠱᠠᠲᠤᠨ ᠤ ᠰᠢᠯᠵᠢᠭᠦᠯᠦᠨ | ᠥᠭᠬᠦ ᠪᠡᠯᠡ ᠮᠥᠩᠭᠦ ᠶᠢ 279.28 ᠳ᠋ᠦᠩᠰᠢᠭᠤᠷ ᠲᠥᠭᠦᠷᠢᠭ ᠤᠯᠬᠤ ᠪᠠᠷ ᠢᠳᠡᠪᠬᠢᠯᠡᠨ ᠴᠢᠷᠮᠠᠶᠢᠵᠤ᠂ ᠠᠳᠠᠯᠢ | ᠬᠤᠭᠤᠴᠠᠭᠠᠨ ᠤ ᠬᠢ ᠠᠴᠠ 22.19% ᠪᠠᠷ ᠨᠡᠮᠡᠭᠳᠡᠪᠡ᠃ ᠤᠮᠠᠷᠠᠲᠤ ᠶᠢᠨ ᠠᠷᠢᠭᠤᠨ ᠴᠡᠪᠡᠷ ᠳᠤᠯᠠᠭᠠᠯᠠᠭᠠ᠂ | ᠬᠠᠶᠢᠮᠢᠶᠠᠨ ᠬᠤᠲᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠ ᠶᠢᠨ ᠥᠭᠡᠷᠡᠴᠢᠯᠡᠯᠲᠡ ᠬᠢᠭᠡᠳ ᠴᠢᠨᠠᠷ | ᠰᠠᠶᠢᠲᠠᠶ ᠬᠥᠭᠵᠢᠯᠲᠡ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ 4 ᠤᠯᠤᠰ ᠤᠨ ᠵᠢᠱᠢᠶᠡ ᠦᠵᠡᠭᠦᠯᠬᠦ ᠲᠥᠷᠥᠯ ᠵᠦᠢᠯ ᠤᠨ ᠪᠠᠯᠠ ᠮᠥᠩᠭᠦ ᠶᠢ 40.65 | ᠳ᠋ᠦᠩᠰᠢᠭᠤᠷ ᠲᠥᠭᠦᠷᠢᠭ ᠤᠯᠬᠤ ᠪᠠᠷ ᠠᠮᠵᠢᠯᠲᠠ ᠲᠠᠢ ᠴᠢᠷᠮᠠᠶᠢᠪᠠ᠃ 63.11 ᠳ᠋ᠦᠩᠰᠢᠭᠤᠷ ᠲᠥᠭᠦᠷᠢᠭ ᠤᠨ | ᠵᠢᠭᠡᠯᠡᠯᠭᠡ ᠶᠢᠨ ᠲᠡᠮᠳᠡᠭᠲᠦ ᠶᠢ ᠰᠢᠨᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ | ᠲᠡᠷᠢᠭᠦᠨ ᠳᠤ ᠣᠷᠣᠨᠠ᠂ ᠪᠠᠰᠠ ᠭᠤᠷᠪᠠᠳᠤᠭᠠᠷ ᠲᠣᠭᠤᠷᠢᠯ ᠵᠠᠮ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢ 30 | ᠳ᠋ᠦᠩᠰᠢᠭᠤᠷ ᠲᠥᠭᠦᠷᠢᠭ ᠣᠯᠵᠤ᠂ ᠭᠤᠷᠪᠠᠳᠤᠭᠠᠷ ᠲᠣᠭᠤᠷᠢᠯ ᠵᠠᠮ ᠤᠨ ᠰᠡᠭᠦᠯ ᠬᠤᠷᠢᠶᠠᠬᠤ ᠢᠨᠵᠧᠨᠧᠷᠢᠩ ᠤᠨ | ᠠᠵᠢᠯ ᠳᠠᠭᠤᠰᠬᠤ ᠶᠢ ᠪᠠᠲᠤᠯᠠᠪᠠ᠃ ᠭᠤᠷᠪᠠ ᠳᠤ ᠨᠠᠷᠢᠨ ᠨᠢᠭᠲᠠ ᠲᠥᠯᠥᠪᠯᠡᠨ ᠪᠤᠳᠤᠵᠤ ᠵᠠᠷᠤᠯᠭᠠ ᠶᠢ ᠪᠠᠭᠠᠰᠬᠠᠪᠠ᠃ | ᠴᠢᠩᠭᠠ ᠪᠥᠭᠡᠳ ᠪᠠᠭᠠᠰᠬᠠᠵᠤ ᠪᠣᠯᠬᠤ ᠶᠢ ᠨᠢ ᠪᠠᠭᠠᠰᠬᠠᠬᠤ ᠵᠠᠷᠴᠢᠮ ᠶᠣᠰᠣᠭᠠᠷ᠂ ︽ᠠᠷᠪᠢᠯᠠᠨ ᠭᠠᠮᠨᠠᠵᠤ | ᠠᠮᠢᠳᠤᠷᠠᠬᠤ ᠱᠠᠭᠠᠷᠳᠠᠯᠭᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠵᠢᠯ ᠤᠨ ᠡᠬᠢᠨ ᠤ ᠲᠥᠰᠦᠪ ᠲᠤ ︽ᠭᠤᠷᠪᠠᠨ ᠵᠦᠢᠯ︾ ᠤᠨ ᠠᠯᠪᠠᠨ ᠤ ᠵᠠᠷᠤᠳᠠᠯ᠂ ᠡᠩ ᠤᠨ | ᠴᠢᠨᠠᠷᠲᠠᠶ ᠵᠠᠷᠤᠯᠭᠠ ᠪᠠ ᠪᠤᠰᠤᠳ ᠲᠤᠰᠬᠠᠶ ᠵᠦᠢᠯ ᠤᠨ ᠵᠠᠷᠤᠯᠭᠠ ᠶᠢ ᠦᠷᠭᠦᠯᠵᠢᠯᠡᠨ ᠪᠠᠭᠠᠰᠬᠠᠵᠤ᠂ ᠠᠷᠪᠢᠯᠠᠭᠰᠠᠨ | ᠪᠡᠯᠡ ᠮᠥᠩᠭᠦ ᠶᠢ ᠪᠦᠬᠦᠨ ᠢ ᠬᠥᠭᠵᠢᠯᠲᠡ ᠶᠢ ᠲᠦᠯᠬᠢᠨ ᠠᠬᠢᠭᠤᠯᠬᠤ ᠪᠠ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠳᠡᠭᠡᠷᠡ ᠬᠡᠷᠡᠭᠯᠡᠪᠡ᠃ 2022 ᠣᠨ ᠳᠤ ᠪᠥᠬᠦ ᠬᠤᠲᠠ ᠶᠢᠨ ︽ᠭᠤᠷᠪᠠᠨ ᠵᠦᠢᠯ︾ ᠤᠨ | ᠠᠯᠪᠠᠨ ᠤ ᠵᠠᠷᠤᠳᠠᠯ ᠤᠨ ᠵᠠᠷᠤᠯᠭᠠ 6490.71 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 6. | 83% ᠪᠠᠷ ᠪᠠᠭᠤᠷᠠᠪᠠ᠃ ᠬᠤᠲᠠ ᠶᠢᠨ ᠲᠣᠰ ᠱᠠᠲᠤᠨ ᠤ ︽ᠭᠤᠷᠪᠠᠨ ᠵᠦᠢᠯ︾ ᠤᠨ ᠠᠯᠪᠠᠨ ᠤ ᠵᠠᠷᠤᠳᠠᠯ ᠤᠨ | ᠵᠠᠷᠤᠯᠭᠠ 2477.2 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 19.5% ᠪᠠᠷ ᠪᠠᠭᠤᠷᠠᠪᠠ᠃ | ᠪᠥᠬᠦ ᠬᠤᠲᠠ ᠶᠢᠨ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠶᠢ ᠠᠬᠢᠭᠤᠯᠬᠤ ᠲᠠᠯᠠ ᠪᠠᠷ᠄ ᠡᠩ 365cc彩票老版_365比分足球官网_365bet网上娱乐平台 | ᠲᠡᠷᠢᠭᠦᠨ ᠳᠤ᠂ ᠪᠢᠳᠡ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭᠠ ᠶᠢᠨ ︽ | ᠰᠢᠭᠤᠳ ᠬᠦᠷᠴᠦ ᠲᠦᠷᠭᠡᠨ ᠡᠳ᠋ᠯᠡᠬᠦ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠨᠠᠮ ᠤᠨ ᠲᠥᠪ | ᠬᠤᠷᠢᠶᠠ᠂ ᠲᠥᠷᠥ ᠶᠢᠨ ᠶᠠᠪᠤᠳᠠᠯ ᠤᠨ ᠬᠤᠷᠢᠶᠠ ᠶᠢᠨ ᠨᠡᠶᠢᠯᠡᠮᠡᠯ ᠮᠠᠶ᠋ᠢᠭ ᠤᠨ ᠭᠠᠶᠢᠯᠢ ᠰᠦᠢᠳᠭᠡᠯ ᠤᠨ | ᠳᠡᠮᠵᠢᠯᠭᠡ ᠶᠢᠨ ᠰᠢᠨᠡ ᠲᠥᠷᠥ ᠶᠢᠨ ᠪᠣᠳᠣᠯᠭᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠭᠠᠶᠢᠯᠢ ᠶᠢᠨ | ᠶᠠᠪᠤᠳᠠᠯ — ᠡᠳ᠋ ᠤᠨ ᠵᠠᠰᠠᠭ — ᠠᠷᠠᠳ ᠤᠨ ᠪᠠᠩᠬᠢ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ | ᠰᠢᠯᠵᠢᠭᠦᠯᠦᠨ ᠥᠭᠬᠦ ᠪᠠᠯᠠ ᠮᠥᠩᠭᠦ ᠶᠢ 25.8 ᠳ᠋ᠦᠩᠰᠢᠭᠤᠷ ᠲᠥᠭᠦᠷᠢᠭ ᠪᠠᠭᠤᠯᠭᠠᠵᠤ ᠬᠤᠰᠢᠭᠤ ᠰᠢᠶᠠᠨ | ᠲᠣᠭᠤᠷᠢᠭ ᠤᠨ ᠭᠠᠶᠢᠯᠢ ᠪᠤᠴᠠᠭᠠᠬᠤ ᠭᠠᠶᠢᠯᠢ ᠬᠥᠩᠭᠡᠯᠡᠬᠦ ᠡᠳ᠋ ᠤᠨ ᠬᠦᠴᠦᠨ ᠤ ᠪᠠᠲᠤᠯᠠᠭᠠ ᠶᠢ ᠨᠡᠮᠡᠭᠳᠡᠭᠦᠯᠵᠡᠢ᠃ | ᠳᠠᠷᠠᠭᠠᠯᠠᠪᠠᠯ᠂ ᠪᠢᠳᠡ ᠵᠠᠬᠠ ᠳᠡᠯᠭᠡᠭᠦᠷ ᠤᠨ ᠪᠡᠶᠡᠴᠢ ᠴᠣᠭᠴᠠ ᠶᠢ ᠢᠳᠡᠪᠬᠢᠲᠡᠶ ᠪᠠᠷ ᠬᠠᠪᠰᠤᠷᠴᠤ ᠪᠠᠶᠢᠭᠠᠳ | ᠠᠮᠢᠵᠢᠷᠠᠯ ᠤᠨ ᠬᠦᠴᠦᠨ ᠢ ᠨᠢ ᠴᠢᠩᠭᠠᠷᠠᠭᠤᠯᠪᠠ᠃ ︽2.15︾ ᠪᠠ ︽9.28︾ ᠬᠤᠶᠠᠷ ᠡᠭᠡᠯᠵᠢ ᠶᠢᠨ ᠶᠡᠭᠡ | ᠬᠡᠪᠴᠢᠶᠡᠨ ᠤ ᠬᠢᠵᠢᠭ ᠤᠨ ᠲᠠᠭᠠᠷᠢᠯᠳᠠ ᠶᠢ ᠠᠷᠭᠠᠴᠠᠭᠠᠬᠤ ᠶᠢᠨ ᠲᠥᠯᠥᠭᠡ᠂ ᠠᠷᠭᠠ ᠬᠡᠮᠵᠢᠶᠡ ᠠᠪᠴᠤ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢ ᠲᠡᠮᠵᠢᠪᠡ᠃ ᠬᠦᠴᠢᠷᠳᠡᠯ ᠲᠠᠢ ᠤᠯᠠᠨ | ᠲᠦᠮᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠬᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠬᠦ ᠵᠡᠷᠭᠡ ᠲᠠᠯᠠ ᠪᠠᠷ ᠭᠠᠶᠢᠯᠢ ᠰᠦᠢᠳᠬᠡᠯ᠂ ᠭᠡᠷ ᠤᠨ | ᠲᠦᠷᠢᠶᠡᠰᠦ ᠶᠢ ᠬᠥᠩᠭᠡᠯᠡᠵᠦ ᠬᠡᠯᠲᠦᠷᠢᠭᠦᠯᠬᠦ ᠲᠦᠷᠦ ᠶᠢᠨ ᠪᠤᠳᠤᠯᠭᠠ ᠶᠢ ᠨᠡᠶᠢᠲᠡᠯᠡᠪᠡ᠃ ᠪᠥᠬᠦ ᠵᠢᠯ ᠳᠤ ᠨᠡᠶᠢᠲᠡ | 1961 ᠠᠵᠤ ᠠᠬᠤᠶᠢᠯᠠᠯ ᠳᠤ ᠤᠰᠤᠨ ᠤ ᠰᠦᠢᠳᠭᠡᠯ᠂ ᠰᠢᠲᠠᠮᠠᠬᠠᠶ ᠬᠡᠶ ᠶᠢᠨ ᠰᠦᠢᠳᠭᠡᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭᠠ ᠶᠢᠨ ᠮᠥᠩᠭᠦ ᠵᠢᠴᠢ ᠬᠡᠷ ᠤᠨ ᠲᠦᠷᠢᠶᠡᠰᠦ ᠶᠢ ᠬᠠᠰᠤᠵᠤ | ᠭᠡᠯᠳᠦᠷᠢᠭᠦᠯᠦᠭᠰᠡᠨ ᠨᠡᠶᠢᠲᠡ 7200 ᠲᠦᠮᠡᠨ ᠲᠥᠭᠦᠷᠢᠭ ᠢ ᠭᠦᠢᠴᠡᠳᠭᠡᠵᠦ᠂ ᠬᠥᠬᠡᠬᠤᠲᠠ ᠳᠤ ᠰᠠᠭᠤᠭᠠ ᠡᠯᠡ | ᠪᠠᠩᠬᠢ ᠨᠤᠭᠤᠳ 3527 ᠠᠵᠤ ᠠᠬᠤᠶᠢᠯᠠᠯ ᠳᠤ ᠨᠡᠶᠢᠲᠡ 72.66 ᠳ᠋ᠦᠩᠰᠢᠭᠤᠷ ᠲᠥᠭᠦᠷᠢᠭ ᠤᠨ ᠡᠬᠡ | ᠬᠦᠤ ᠶᠢ ᠨᠢ ᠬᠤᠶᠢᠰᠢᠯᠠᠭᠤᠯᠤᠨ ᠳᠥᠯᠥᠵᠦ᠂ 2.98 ᠳ᠋ᠦᠩᠰᠢᠭᠤᠷ ᠲᠥᠭᠦᠷᠢᠭ ᠤᠨ ᠰᠦᠢᠳᠭᠡᠯ ᠢ ᠬᠠᠰᠤᠵᠤ | ᠠᠰᠢᠭ ᠣᠯᠭᠤᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ | ᠳᠥᠯᠭᠢᠨ ᠠᠬᠢᠭᠤᠯᠵᠤ᠂ ᠠᠵᠤ ᠠᠬᠤᠶ ᠶᠢᠨ ᠶᠡᠭᠡ ᠦᠨᠡ ᠶᠢ ᠲᠣᠭᠲᠠᠪᠤᠷᠢᠵᠢᠭᠤᠯᠪᠠ᠃ ᠡᠭᠦᠨ ᠤ ᠬᠠᠮᠲᠤ᠂ ᠪᠢᠳᠡ | ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭᠠ ᠠᠵᠤ ᠠᠬᠤᠶᠢᠯᠠᠯ ᠤᠨ ᠲᠠᠩᠰᠠᠨ | ᠵᠣᠭᠤᠰ ᠢ 18.86 ᠳ᠋ᠦᠩᠰᠢᠭᠤᠷ ᠲᠥᠭᠦᠷᠢᠭ ᠬᠤᠭᠤᠴᠠᠭᠠ ᠶᠣᠰᠣᠭᠠᠷ ᠳᠥᠯᠥᠵᠦ᠂ ᠵᠥᠷᠢᠯᠳᠦᠭᠡᠨ ᠥᠬᠡᠶ ᠪᠠᠷ | ᠥᠷᠢᠲᠦᠭᠰᠡᠨ ᠵᠣᠭᠤᠰ ᠢ ᠬᠥᠳᠡᠯᠦᠩᠭᠦᠶ ᠪᠠᠷ ᠲᠡᠭ ᠪᠣᠯᠭᠠᠬᠤ ᠶᠢ ᠪᠡᠶᠡᠯᠡᠭᠦᠯᠪᠡ︔ ᠡᠭᠦᠨ ᠤ ᠬᠠᠮᠲᠤ ᠪᠥᠬᠦ | ᠬᠤᠲᠠ ᠶᠢᠨ ᠦᠯᠡᠳᠡᠵᠦ ᠪᠠᠶᠢᠭᠠ ᠵᠥᠷᠢᠯᠳᠦᠭᠡᠨ ᠲᠠᠢ ᠥᠷᠢᠲᠦᠭᠰᠡᠨ ᠵᠣᠭᠤᠰ ᠢ ᠨᠠᠷᠢᠯᠢᠭ ᠣᠨᠣᠴᠠᠲᠠᠶ ᠪᠠᠷ ᠲᠥᠷᠥᠯ | ᠬᠤᠪᠢᠶᠠᠵᠤ᠂ ᠬᠠᠷᠠᠯᠲᠠ ᠲᠣᠭᠲᠠᠭᠠᠬᠤ᠂ ᠡᠭᠦᠷᠭᠡ ᠲᠣᠭᠲᠠᠭᠠᠬᠤ᠂ ᠴᠠᠭ ᠤᠨ ᠬᠢᠵᠠᠭᠠᠷ ᠢ ᠲᠣᠭᠲᠠᠭᠠᠬᠤ ᠪᠠᠷ | ᠳᠠᠮᠵᠢᠭᠤᠯᠤᠨ᠂ ᠵᠥᠷᠢᠯᠳᠦᠭᠡᠨ ᠢ ᠪᠦᠲᠦᠮᠵᠢᠲᠡᠶ ᠰᠢᠢᠳᠪᠦᠷᠢᠯᠡᠵᠦ᠂ ᠥᠷᠢᠲᠦᠭᠰᠡᠨ ᠵᠣᠭᠤᠰ ᠢ ᠳᠥᠯᠥᠵᠦ | ᠳᠠᠭᠤᠰᠬᠠᠬᠤ ᠶᠢ ᠲᠦᠷᠭᠡᠳᠭᠡᠪᠡ᠃ ᠡᠭᠦᠨ ᠠᠴᠠ ᠭᠠᠳᠠᠨᠠ᠂ ᠪᠢᠳᠡ ᠰᠢᠭᠤᠳ ᠬᠥᠷᠬᠦ ᠪᠠᠯᠠ ᠮᠥᠩᠭᠦ ᠪᠠᠷ ᠠᠵᠤ | ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢ | ᠪᠠᠷᠢᠮᠲᠠᠯᠠᠵᠤ᠂ ᠰᠢᠭᠤᠳ ᠬᠥᠷᠬᠦ ᠪᠠᠯᠠ ᠮᠥᠩᠭᠦ ᠶᠢᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠪᠠᠯᠠ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠪᠥᠬᠦ ᠵᠢᠯ ᠳᠤ ᠪᠥᠬᠦ ᠬᠤᠲᠠ ᠶᠢᠨ ᠰᠢᠭᠤᠳ ᠬᠥᠷᠬᠦ | ᠪᠠᠯᠠ ᠮᠥᠩᠭᠦ ᠶᠢᠨ ᠵᠠᠷᠤᠯᠭᠠ 59.8 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠨ ᠬᠥᠮᠦᠵᠢᠯ᠂ ᠡᠮ ᠡᠮᠨᠡᠯᠭᠡ᠂ | ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠯᠠ ᠮᠥᠩᠭᠦ ᠶᠢ ᠴᠠᠭ ᠲᠤᠬᠠᠶ ᠳᠤᠨᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠪᠤᠶᠠᠨ ᠵᠢᠷᠭᠠᠯ ᠢ ᠨᠡᠮᠡᠭᠳᠡᠭᠦᠯᠬᠦ ᠲᠠᠯᠠ ᠪᠠᠷ᠂ 2022 | ᠣᠨ ᠳᠤ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭᠠ 338.81 ᠳ᠋ᠦᠩᠰᠢᠭᠤᠷ ᠲᠥᠭᠦᠷᠢᠭ ᠲᠤ | ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭᠠ ᠶᠢᠨ 80.51% ᠶᠢ ᠡᠵᠡᠯᠡᠪᠡ᠃ ᠨᠢᠭᠡ | ᠵᠢᠯ ᠤᠨ ᠲᠤᠷᠰᠢ᠂ ᠪᠢᠳᠡ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠳᠥᠯᠭᠢᠨ ᠠᠬᠢᠭᠤᠯᠵᠤ᠂ | ᠪᠥᠬᠦ ᠬᠤᠲᠠ ᠶᠢᠨ ᠰᠤᠷᠭᠠᠨ ᠬᠥᠮᠦᠵᠢᠯ ᠤᠨ ᠵᠠᠷᠤᠯᠭᠠ 53.45 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠬᠢ ᠠᠴᠠ 15.87% ᠪᠠᠷ ᠨᠡᠮᠡᠭᠳᠡᠨ᠂ ᠳᠤᠮᠳᠠᠳᠤ ᠪᠠᠭᠠ ᠰᠤᠷᠭᠠᠭᠤᠯᠢ ᠬᠡᠤᠬᠡᠳ ᠤᠨ ᠴᠡᠴᠡᠷᠯᠢᠭ ᠢ | 20 ᠪᠠᠶᠢᠭᠤᠯᠵᠤ ᠳᠠᠭᠤᠰᠬᠠᠬᠤ ᠶᠢ ᠳᠡᠮᠵᠢᠵᠦ᠂ 1.28 ᠲᠦᠮᠡᠨ ᠡᠷᠳᠡᠮ ᠤᠨ ᠴᠣᠯᠠ ᠶᠢ ᠰᠢᠨᠡ ᠪᠠᠷ ᠨᠡᠮᠡᠭᠳᠡᠭᠦᠯᠵᠦ᠂ | 6 ︽ᠠᠯᠪᠠᠨ ᠠᠴᠠ ᠠᠷᠠᠳ ᠲᠤ ᠣᠷᠣᠯᠴᠠᠬᠤ︾ ᠰᠤᠷᠭᠠᠭᠤᠯᠢ ᠶᠢ ᠠᠯᠪᠠᠨ ᠠᠴᠠ ᠡᠷᠭᠢᠯᠡᠭᠰᠡᠨ ᠰᠤᠷᠭᠠᠭᠤᠯᠢ | ᠪᠣᠯᠭᠠᠨ ᠬᠤᠪᠢᠷᠠᠭᠤᠯᠵᠤ᠂ 1.21 ᠲᠦᠮᠡᠨ ᠡᠷᠳᠡᠮ ᠤᠨ ᠴᠣᠯᠠ ᠶᠢ ᠨᠡᠮᠡᠭᠳᠡᠭᠦᠯᠪᠡ᠃ ᠪᠢᠳᠡ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭᠠ ᠶᠢ ᠴᠢᠩᠭᠠᠷᠠᠭᠤᠯᠪᠠ᠃ ᠠᠵᠢᠯ ᠣᠯᠭᠤᠯᠲᠠ ᠶᠢᠨ ᠨᠥᠬᠦᠪᠥᠷᠢ ᠪᠡᠯᠡ | ᠮᠥᠩᠭᠦ ᠶᠢᠨ ᠵᠠᠷᠤᠯᠭᠠ 3.94 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 62% ᠢᠶᠠᠷ ᠨᠡᠮᠡᠭᠳᠡᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠳᠡᠮᠵᠢᠵᠦ᠂ ᠵᠢᠱᠢᠶᠡ | ᠦᠵᠡᠭᠦᠯᠬᠦ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠳᠡᠭᠡᠭᠰᠢᠯᠡᠭᠦᠯᠵᠦ᠂ ᠪᠦᠬᠦ ᠬᠤᠳᠠ ᠳᠤ ᠬᠤᠳᠠ | ᠪᠠᠯᠭᠠᠰᠤᠨ ᠤ 6.04 ᠲᠦᠮᠡᠨ ᠬᠥᠮᠦᠨ ᠳᠤ ᠰᠢᠨᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 32.5 | ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠪᠤᠴᠠᠭᠠᠬᠤ ᠪᠠᠯᠠ ᠮᠥᠩᠭᠦ ᠶᠢ 1.29 ᠳ᠋ᠦᠩᠰᠢᠭᠤᠷ ᠲᠥᠭᠦᠷᠢᠭ ᠰᠢᠯᠵᠢᠭᠦᠯᠦᠨ ᠥᠭᠴᠦ᠂ | 29.25 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ ᠪᠢᠳᠡ ᠨᠡᠶᠢᠭᠡᠮ ᠤᠨ ᠪᠠᠲᠤᠯᠠᠭᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠶᠢ ᠳᠡᠮᠵᠢᠪᠡ᠃ ᠪᠦᠬᠦ ᠬᠤᠲᠠ ᠶᠢᠨ ᠨᠡᠶᠢᠭᠡᠮ ᠤᠨ ᠪᠠᠲᠤᠯᠠᠭᠠ ᠪᠠ ᠠᠵᠢᠯ | ᠣᠯᠭᠤᠯᠲᠠ ᠶᠢᠨ ᠵᠠᠷᠤᠯᠭᠠ 58.37 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 19. | 77% ᠪᠠᠷ ᠨᠡᠮᠡᠭᠳᠡᠨ᠂ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭᠠ ᠶᠢᠨ ᠬᠦᠷᠢᠶᠡ ᠬᠡᠪᠴᠢᠶᠡ ᠶᠢ | ᠥᠷᠭᠡᠳᠬᠡᠬᠦ ᠲᠥᠷᠥ ᠶᠢᠨ ᠪᠣᠳᠣᠯᠭᠠ ᠶᠢ ᠦᠷᠭᠦᠯᠵᠢᠯᠡᠨ ᠬᠡᠷᠡᠭᠵᠢᠭᠦᠯᠵᠦ᠂ ᠨᠡᠶᠢᠲᠡ 1.56 ᠲᠦᠮᠡᠨ ᠠᠵᠢᠯ | ᠠᠯᠳᠠᠭᠰᠠᠳ ᠲᠤ 0.7 ᠳ᠋ᠦᠩᠰᠢᠭᠤᠷ ᠲᠥᠭᠦᠷᠢᠭ ᠤᠨ ᠠᠵᠢᠯ ᠠᠯᠳᠠᠯᠲᠠ ᠶᠢᠨ ᠮᠥᠩᠭᠦ ᠣᠯᠭᠤᠪᠠ᠃ 7.71 | ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠪᠡᠯᠡ ᠮᠥᠩᠭᠦ ᠶᠢ ᠰᠠᠯᠭᠠᠨ ᠥᠭᠴᠦ᠂ ᠬᠦᠴᠢᠷᠳᠡᠯᠲᠡᠶ ᠤᠯᠠᠨ | ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠬᠦᠴᠢᠷᠳᠡᠯᠲᠡᠶ ᠤᠯᠠᠨ ᠲᠦᠮᠡᠨ ᠢ ᠠᠪᠤᠷᠠᠨ ᠲᠤᠰᠠᠯᠠᠬᠤ | ᠨᠥᠬᠦᠪᠥᠷᠢ ᠶᠢᠨ ᠪᠠᠷᠢᠮᠵᠢᠶᠠ ᠶᠢ ᠳᠡᠭᠡᠭᠰᠢᠯᠡᠭᠦᠯᠪᠡ᠃ ᠪᠢᠳᠡ ᠡᠷᠡᠭᠦᠯ ᠡᠩᠬᠡ ᠬᠥᠬᠡᠬᠤᠲᠠ ᠶᠢᠨ ᠪᠥᠲᠥᠭᠡᠨ | ᠪᠠᠶᠢᠭᠤᠯᠤᠯᠲᠠ ᠶᠢ ᠳᠡᠮᠵᠢᠪᠡ᠃ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭᠠ 41.56 | ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 47.74% ᠪᠠᠷ ᠨᠡᠮᠡᠭᠳᠡᠨ᠂ ᠤᠯᠤᠰ ᠤᠨ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠶ | ᠬᠥᠭᠵᠢᠯᠲᠡ ᠶᠢᠨ ᠵᠢᠱᠢᠶᠡ ᠦᠵᠡᠭᠦᠯᠬᠦ ᠲᠥᠷᠥᠯ ᠵᠦᠢᠯ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ | ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶᠠ ᠶᠢ ᠨᠡᠭᠦᠯᠭᠡᠨ ᠪᠠᠶᠢᠭᠤᠯᠬᠤ᠂ ᠬᠢᠲᠠᠳ ᠮᠣᠩᠭᠤᠯ ᠤᠨ | ᠡᠮᠨᠡᠯᠭᠡ ᠶᠢᠨ ᠬᠤᠷᠢᠶᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠲᠥᠷᠥᠯ ᠵᠦᠢᠯ ᠤᠨ ᠭᠤᠤᠯ ᠴᠣᠭᠴᠠ ᠶᠢᠨ | ᠠᠵᠢᠯ ᠳᠠᠭᠤᠰᠬᠤ ᠶᠢ ᠳᠡᠮᠵᠢᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠲᠠᠰᠤᠷᠠᠯᠲᠠ ᠥᠬᠡᠶ ᠨᠡᠮᠡᠭᠳᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠤᠯᠠᠮ ᠨᠢᠭᠡ | ᠠᠯᠬᠤᠮ ᠬᠥᠩᠭᠡᠷᠡᠭᠦᠯᠪᠡ᠃ ᠵᠠᠷᠤᠳᠠᠯ ᠤᠨ ᠪᠠᠲᠤᠯᠠᠭᠠ ᠶᠢᠨ ᠡᠷᠴᠢᠮ ᠢ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠪᠡ᠃ ᠪᠢᠳᠡ ᠤᠯᠠᠨ ᠲᠦᠮᠡᠨ ᠤ ᠣᠷᠣᠨ | ᠰᠠᠭᠤᠴᠠ ᠶᠢᠨ ᠪᠠᠲᠤᠯᠠᠭᠠ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠪᠡ᠃ ᠪᠦᠬᠦ ᠬᠤᠳᠠ ᠶᠢᠨ ᠣᠷᠣᠨ | ᠰᠠᠭᠤᠴᠠ ᠶᠢᠨ ᠪᠠᠲᠤᠯᠠᠭᠠ ᠶᠢᠨ ᠵᠠᠷᠤᠯᠭᠠ 10.72 ᠳ᠋ᠦᠩᠰᠢᠭᠤᠷ ᠲᠥᠭᠦᠷᠢᠭ ᠲᠤ ᠬᠦᠷᠴᠦ᠂ ᠬᠠᠭᠤᠴᠢᠨ | ᠬᠤᠷᠢᠶᠠᠯᠠᠯ ᠢ ᠰᠢᠨᠡᠳᠬᠡᠨ ᠵᠠᠰᠠᠬᠤ᠂ ᠪᠠᠲᠤᠯᠠᠭᠠ ᠶᠢᠨ ᠴᠢᠨᠠᠷᠲᠠᠶ ᠣᠷᠣᠨ ᠰᠠᠭᠤᠴᠠ ᠶᠢᠨ ᠢᠨᠵᠧᠨᠧᠷᠢᠩ᠂ ᠨᠤᠷᠠᠬᠤ | ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠡᠮᠵᠢᠵᠤ᠂ | ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ︽ᠵᠠᠮ ᠬᠠᠷᠢᠯᠴᠠᠭᠠᠨ ᠤ ᠠᠰᠠᠷ ᠢ | ᠪᠠᠲᠤᠯᠠᠵᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ︾ ᠶᠢ ᠲᠦᠯᠬᠢᠨ ᠠᠬᠢᠭᠤᠯᠵᠤ᠂ ᠨᠡᠶᠢᠭᠡᠮ ᠤᠨ | ᠵᠢᠱᠢᠯᠲᠡ ᠶᠢ ᠲᠣᠭᠲᠠᠪᠤᠷᠢᠵᠢᠭᠤᠯᠤᠨ᠂ ᠲᠤᠰᠬᠠᠶ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ | ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭᠠ ᠠᠰᠠᠭᠤᠳᠠᠯ ᠳᠤ ᠬᠠᠷᠢᠭᠤᠯᠲᠠ ᠦᠭᠪᠡ᠃ | 7. ᠬᠥᠲᠥᠯᠥᠭᠴᠢ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ︽ᠣᠷᠣᠨ ᠤ ᠲᠥᠪ ᠬᠤᠲᠠ ᠶᠢ | ᠬᠦᠴᠦᠷᠬᠡᠭᠵᠢᠭᠦᠯᠬᠦ ᠢᠨᠵᠧᠨᠧᠷᠢᠩ︾ ᠢ ᠬᠡᠷᠡᠭᠵᠢᠭᠦᠯᠬᠦ ᠡᠬᠢᠯᠡᠯᠲᠡ ᠶᠢᠨ ᠵᠢᠯ ᠮᠥᠨ᠃ ᠣᠷᠣᠨ ᠤ ᠲᠥᠪ ᠬᠤᠲᠠ ᠶᠢᠨ | ᠠᠵᠤ ᠠᠬᠤᠶ ᠨᠡᠶᠢᠭᠡᠮ ᠤᠨ ᠡᠯᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠲᠦᠷᠭᠡᠨ | ᠵᠠᠮ︾ ᠤᠨ ᠲᠠᠯᠠ ᠪᠠᠷ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠬᠤ ᠳᠤ ᠡᠳ᠋ ᠤᠨ ᠵᠠᠰᠠᠭ ᠤᠨ ᠪᠠᠯᠠ | ᠮᠥᠩᠭᠦ ᠶᠢᠨ ᠳᠡᠮᠵᠢᠯᠭᠡ ᠪᠠᠲᠤᠯᠠᠭᠠ ᠠᠴᠠ ᠰᠠᠯᠵᠤ ᠴᠢᠳᠠᠬᠤ ᠥᠬᠡᠶ ᠶᠤᠮ᠃ ᠲᠡᠭᠡᠪᠡᠯ ᠡᠳ᠋ ᠤᠨ ᠵᠠᠰᠠᠭ ᠤᠨ | ᠣᠷᠣᠯᠭᠠ ᠶᠢ ᠶᠡᠬᠡᠰᠬᠡᠬᠦ ᠲᠠᠯᠠ ᠪᠠᠷ ᠬᠤᠳᠠ ᠶᠢᠨ ᠡᠳ᠋ ᠤᠨ ᠵᠠᠰᠠᠭ ᠤᠨ ᠲᠣᠪᠴᠢᠶᠠ ᠶᠠᠮᠠᠷ ᠶᠠᠮᠠᠷ ᠠᠷᠭᠠ ᠬᠡᠮᠵᠢᠶᠡ | ᠠᠪᠬᠤ ᠪᠤᠢ︖ | 8. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭᠠ ᠴᠢ ᠰᠢᠶᠤᠤ ᠵᠢᠤᠸᠠᠨ | | | | | | ᠵᠠ᠂ ᠲᠡᠭᠡ᠃ ᠲᠠᠯᠳᠠ ᠬᠦᠴᠦᠨ ᠢ ᠠᠭᠤᠳᠠᠯᠤᠨ ᠣᠷᠣᠯᠭᠠ ᠶᠢ ᠨᠡᠮᠡᠭᠳᠡᠭᠦᠯᠬᠦ᠂ ᠡᠳ᠋ ᠤᠨ ᠵᠠᠰᠠᠭ ᠤᠨ | ᠣᠷᠣᠯᠭᠠ ᠶᠢᠨ ᠶᠡᠷᠦᠩᠬᠡᠶ ᠬᠡᠮᠵᠢᠶᠡ ᠶᠢ ᠶᠡᠬᠡᠰᠬᠡᠬᠦ ᠲᠠᠯᠠ ᠪᠠᠷ ᠡᠨᠡ ᠵᠢᠯ ᠪᠢᠳᠡ ᠭᠤᠣᠯᠳᠠᠭᠤ ᠲᠠᠪᠤᠨ ᠲᠠᠯᠠ ᠪᠠᠷ | ᠬᠦᠴᠦ ᠲᠠᠯᠪᠢᠨᠠ᠃ ᠨᠢᠭᠡ ᠳᠤ ᠣᠷᠣᠯᠭᠠ ᠶᠢ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠨᠠ᠃ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷᠡ᠂ ᠥᠷᠢᠲᠦᠵᠦ ᠪᠠᠶᠢᠭᠠ ᠭᠠᠶᠢᠯᠢ ᠪᠠ ᠥᠷᠢᠲᠦᠵᠦ ᠪᠠᠶᠢᠭᠠ ᠰᠦᠢᠳᠬᠡᠯ ᠢ ᠢᠯᠭᠠᠷᠠᠭᠤᠯᠤᠨ | ᠲᠤᠰᠢᠶᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯᠡ ᠰᠠᠯᠠᠭᠠ ᠮᠥᠴᠢᠷ ᠤᠨ ᠴᠤᠭᠭᠠᠷ | ᠠᠳᠬᠤᠨ ᠬᠠᠮᠲᠤ ᠪᠠᠷ ᠬᠠᠮᠢᠶᠠᠷᠬᠤ᠂ ᠥᠨᠳᠥᠷ ᠪᠠᠶᠢᠷᠢᠨ ᠳᠤ ᠲᠦᠯᠬᠢᠨ ᠠᠬᠢᠭᠤᠯᠬᠤ ᠶᠢ ᠴᠢᠬᠤᠯᠠᠴᠢᠯᠠᠵᠤ᠂ | ᠣᠷᠣᠯᠭᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨᠠ᠃ | ᠬᠤᠶᠠᠷ ᠲᠤ ᠶᠡᠷᠦᠩᠬᠡᠶ ᠬᠡᠯᠲᠡᠰ ᠤᠨ ᠠᠵᠤ ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠤᠨᠠ᠃ ᠶᠡᠭᠡ ᠬᠡᠪᠴᠢᠶᠡᠨ ᠤ | ᠠᠷᠭᠠ ᠬᠡᠮᠵᠢᠶᠡ ᠶᠢ ᠲᠣᠭᠲᠠᠪᠤᠷᠢᠵᠢᠭᠤᠯᠬᠤ ᠪᠠ ᠲᠥᠷᠥ ᠶᠢᠨ ᠪᠣᠳᠣᠯᠭᠠ ᠶᠢᠨ ᠰᠣᠯᠢᠵᠤ ᠥᠭᠬᠦ ᠪᠠᠯᠠ ᠮᠥᠩᠭᠦ ᠶᠢ | ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠲᠡᠷᠢᠭᠦᠨ ᠵᠡᠷᠭᠡ ᠶᠢᠨ ᠬᠤᠳᠠᠯᠳᠤᠭᠠ ᠡᠵᠡᠩᠨᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠰᠣᠯᠢᠵᠤ | ᠥᠭᠬᠦ ᠶᠢ ᠪᠥᠬᠦ ᠬᠦᠴᠦᠨ ᠢᠶᠠᠷ ᠢᠶᠠᠨ ᠳᠡᠮᠵᠢᠨᠡ᠃ ᠬᠥᠬᠡᠬᠤᠲᠠ ᠳᠤ ᠰᠠᠭᠤᠭᠠ ᠶᠡᠷᠦᠩᠬᠡᠶ ᠬᠡᠯᠲᠡᠰ ᠤᠨ ᠠᠵᠤ | ᠠᠬᠤᠶᠢᠯᠠᠯ ᠲᠠᠢ ᠦᠷᠭᠦᠯᠵᠢᠯᠡᠨ ᠰᠠᠨᠠᠭᠠᠴᠢᠯᠠᠭᠠ ᠠᠴᠠ ᠪᠠᠨ ᠵᠣᠯᠭᠠᠭᠤᠯᠵᠤ᠂ ᠭᠠᠶᠢᠯᠢ ᠲᠠᠲᠠᠪᠤᠷᠢ ᠶᠢᠨ ᠦᠯᠡᠳᠡᠭᠡᠨ | ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠡᠳ᠋ ᠮᠥᠩᠭᠦᠨ ᠤ ᠢᠷᠡᠯᠲᠡ ᠶᠢ ᠶᠡᠬᠡᠪᠡᠷ | ᠪᠤᠶᠢᠵᠢᠭᠤᠯᠵᠤ᠂ ᠡᠳ᠋ ᠤᠨ ᠬᠦᠴᠦᠨ ᠤ ᠨᠡᠮᠡᠭᠳᠡᠯ ᠢ ᠠᠬᠢᠭᠤᠯᠤᠨᠠ᠃ ᠭᠤᠷᠪᠠ ᠳᠤ ᠭᠠᠵᠠᠷ ᠰᠢᠷᠣᠶ ᠶᠢ ᠰᠢᠯᠵᠢᠭᠦᠯᠦᠨ | ᠥᠭᠬᠦ ᠡᠷᠴᠢᠮ ᠢ ᠴᠢᠩᠭᠠᠷᠠᠭᠤᠯᠤᠨᠠ᠃ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠣᠷᠣᠯᠭᠠ ᠶᠢᠨ | ᠲᠥᠯᠥᠪᠯᠡᠭᠡ ᠶᠢ ᠪᠠᠲᠤᠳᠬᠠᠵᠤ᠂ ᠭᠠᠵᠠᠷ ᠰᠢᠷᠣᠶ ᠶᠢᠨ ᠥᠪᠡᠷ ᠤᠨ ᠦᠷᠳᠡᠭ ᠢ ᠴᠠᠭ ᠲᠤᠬᠠᠶ ᠳᠤᠨᠢ ᠣᠯᠭᠤᠬᠤ ᠪᠠ | ᠬᠤᠳᠠ ᠲᠦᠷᠪᠡᠨ ᠲᠣᠭᠤᠷᠢᠭ ᠤᠨ ᠠᠰᠢᠭ ᠣᠷᠣᠯᠭᠠ ᠶᠢ ᠡᠭᠡᠭᠦᠯᠦᠨ ᠪᠤᠴᠠᠭᠠᠵᠤ᠂ ᠭᠠᠵᠠᠷ ᠰᠢᠷᠣᠶ ᠶᠢ ᠡᠮᠬᠢᠯᠡᠨ | ᠴᠡᠭᠴᠡᠯᠡᠬᠦ᠂ ᠨᠥᠭᠡᠴᠡᠯᠡᠬᠦ᠂ ᠨᠡᠭᠡᠭᠡᠨ ᠠᠰᠢᠭᠯᠠᠬᠤ ᠵᠡᠷᠭᠡ ᠠᠵᠢᠯ ᠤᠨ ᠰᠠᠶᠢᠨ ᠠᠵᠢᠯᠯᠠᠭᠠᠨ ᠢ ᠲᠦᠯᠬᠢᠨ ᠠᠬᠢᠭᠤᠯᠵᠤ᠂ | ᠡᠳ᠋ ᠤᠨ ᠵᠠᠰᠠᠭ᠂ ᠬᠤᠳᠠᠯᠳᠤᠨ ᠠᠪᠴᠤ ᠨᠥᠭᠡᠴᠡᠯᠡᠬᠦ᠂ ᠭᠠᠵᠠᠷ ᠣᠷᠣᠨ ᠤ ᠬᠤᠭᠤᠷᠣᠨᠳᠣᠬᠢ ᠥᠨᠳᠥᠷ | ᠪᠦᠲᠦᠮᠵᠢᠲᠡᠶ ᠪᠠᠷ ᠬᠤᠯᠪᠣᠭᠠᠯᠠᠨ ᠬᠥᠳᠡᠯᠦᠯᠴᠡᠬᠦ ᠶᠢ ᠪᠤᠢ ᠪᠣᠯᠭᠠᠵᠤ᠂ ᠳᠠᠪᠠᠭᠤᠯᠤᠨ ᠬᠤᠷᠢᠶᠠᠬᠤ ᠶᠢ ᠠᠯᠢ | ᠴᠢᠳᠠᠬᠤ ᠪᠠᠷ ᠪᠡᠶᠡᠯᠡᠭᠦᠯᠵᠦ᠂ ᠡᠳ᠋ ᠤᠨ ᠬᠦᠴᠦᠨ ᠤ ᠳᠤᠲᠠᠭᠤᠳᠠᠯ ᠢ ᠨᠥᠬᠦᠪᠥᠷᠢᠯᠡᠨᠡ᠃ ᠲᠦᠷᠪᠡ ᠳᠤ᠂ ᠳᠡᠭᠡᠳᠦ | ᠱᠠᠲᠤᠨ ᠤ ᠪᠡᠯᠡ ᠮᠥᠩᠭᠦ ᠶᠢ ᠢᠳᠡᠪᠬᠢᠯᠡᠨ ᠤᠯᠬᠤ ᠬᠡᠷᠡᠭᠲᠡᠶ᠃ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ | ︾ ᠲᠥᠷᠥ ᠶᠢᠨ ᠪᠣᠳᠣᠯᠭᠠ ᠶᠢ ᠭᠦᠢᠴᠡᠳ ᠰᠠᠶᠢᠲᠤᠷ ᠬᠡᠷᠡᠭᠯᠡᠵᠦ᠂ ᠪᠠᠯᠠ ᠮᠥᠩᠭᠦ ᠶᠢᠨ ᠣᠷᠣᠭᠤᠯᠤᠯᠲᠠ ᠶᠢᠨ | ᠤᠳᠤᠷᠢᠳᠤᠮᠵᠢ ᠶᠢ ᠪᠠᠲᠤ ᠡᠵᠡᠮᠳᠡᠨ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢ | ᠴᠢᠩᠭᠠᠷᠠᠭᠤᠯᠤᠨᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠢᠱᠢᠶᠡ ᠦᠵᠡᠭᠦᠯᠬᠦ ᠴᠢᠨᠠᠷᠲᠠᠶ ᠲᠥᠷᠥᠯ ᠵᠦᠢᠯ | ᠵᠢᠴᠢ ᠲᠤᠰᠬᠠᠶ ᠵᠦᠢᠯ ᠤᠨ ᠪᠠᠯᠠ ᠮᠥᠩᠭᠦ ᠭᠤᠶᠤᠴᠢᠯᠠᠨ ᠮᠡᠳᠡᠭᠦᠯᠬᠦ ᠶᠢ ᠴᠢᠩᠭᠠ ᠠᠩᠬᠠᠷᠴᠤ᠂ ᠨᠠᠩ ᠣᠯᠠᠨ | ᠲᠥᠷᠥᠯ ᠵᠦᠢᠯ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠬᠤ ᠪᠠᠷ ᠴᠢᠷᠮᠠᠶᠢᠨᠠ᠃ ᠲᠠᠪᠤ ᠳᠤ᠂ ᠡᠳ᠋ ᠤᠨ ᠵᠠᠰᠠᠭ | ᠮᠥᠩᠭᠦᠨ ᠭᠦᠢᠯᠭᠡᠭᠡ ᠨᠡᠶᠢᠭᠡᠮ ᠤᠨ ᠬᠦᠷᠦᠩᠭᠡ ᠶᠢᠨ ︽ᠬᠠᠮ ᠠᠷᠭᠠ ᠬᠡᠮᠵᠢᠶᠡ︾ ᠶᠢ ᠰᠠᠶᠢᠲᠤᠷ ᠠᠳᠬᠤᠬᠤ | ᠬᠡᠷᠡᠭᠲᠡᠢ᠃ ᠨᠢᠭᠡᠨᠲᠡ ᠪᠠᠶᠢᠭᠤᠯᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡ ᠶᠢ ᠡᠭᠦᠳᠬᠦ ᠰᠠᠭᠤᠷᠢ ᠮᠥᠩᠭᠦ ᠶᠢᠨ ᠣᠷᠣᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠳ᠋ ᠤᠨ ᠵᠠᠰᠠᠭ ᠤᠨ ᠪᠠᠯᠠ ᠮᠥᠩᠭᠦ ᠶᠢᠨ ︽ᠳᠥᠷᠪᠡᠨ ᠬᠤᠶᠠᠷ ᠢᠶᠠᠷ ᠮᠢᠩᠭᠠᠨ ᠵᠢᠩ ᠥᠭᠬᠦ︾ ᠦᠢᠯᠡᠳᠦᠯ ᠢ | ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠪᠠᠯᠠ ᠮᠥᠩᠭᠦ ᠶᠢ ᠲᠡᠳᠡᠨ ᠮᠠᠨ ᠤ ᠬᠤᠲᠠ ᠶᠢᠨ ᠪᠥᠲᠥᠭᠡᠨ | ᠪᠠᠶᠢᠭᠤᠯᠤᠯᠲᠠ ᠳᠤ ᠣᠷᠣᠯᠴᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠨᠡ᠃ | 9. ᠬᠥᠲᠥᠯᠥᠭᠴᠢ | ᠰᠢᠨᠡ ᠨᠢᠭᠡ ᠵᠢᠯ ᠳᠤ᠂ ᠣᠷᠣᠨ ᠤ ᠲᠥᠪ ᠬᠤᠲᠠ ᠶᠢᠨ ᠡᠳ᠋ ᠤᠨ ᠵᠠᠰᠠᠭ ᠨᠢ ᠲᠣᠰ ᠪᠡᠶᠡ ᠶᠢᠨ | ᠪᠠᠶᠢᠭᠤᠯᠤᠯᠲᠠ ᠪᠠᠨ ᠬᠡᠷᠬᠢᠨ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠬᠤ ᠪᠣᠶ︖ | 10. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭᠠ ᠴᠢ ᠰᠢᠶᠤᠤ ᠵᠢᠤᠸᠠᠨ | | | | | | 2023 ᠣᠨ ᠳᠤ᠂ ᠪᠢᠳᠡ ᠥᠭᠡᠷᠡᠴᠢᠯᠡᠯᠲᠡ ᠬᠢᠵᠦ ᠰᠢᠨᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨᠠ᠃ ︽ᠲᠠᠪᠤ ᠶᠢ ᠪᠠᠲᠤ ᠡᠵᠡᠮᠰᠢᠬᠦ︾ ᠶᠢᠨ ᠴᠢᠬᠤᠯᠠ | ᠱᠠᠭᠠᠷᠳᠠᠯᠭᠠ ᠶᠢ ᠣᠨᠣᠪᠴᠢᠲᠠᠶ ᠣᠶᠢᠯᠠᠭᠠᠵᠤ᠂ ᠦᠵᠡᠯ ᠰᠠᠨᠠᠭᠠ ᠪᠣᠯᠤᠨ ᠦᠢᠯᠡ ᠠᠵᠢᠯᠯᠠᠭᠠ ᠪᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠ ᠳᠡᠭᠡᠷᠡ ᠦᠨᠡᠨᠬᠦ ᠨᠢᠭᠡᠳᠬᠡᠵᠦ᠂ ︽ᠬᠤᠶᠠᠷ ᠢ ᠲᠤᠭᠲᠠᠭᠠᠭᠰᠠᠨ︾ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭᠠ ᠤᠳᠤᠷᠢᠳᠤᠯᠭᠠ | ᠳᠣᠣᠷᠠ᠂ ᠡᠳ᠋ ᠤᠨ ᠵᠠᠰᠠᠭ ᠤᠨ ᠡᠭᠦᠷᠭᠡ ᠪᠠᠨ ᠨᠡᠩ ᠰᠠᠶᠢᠲᠤᠷ ᠭᠦᠢᠴᠡᠳᠬᠡᠵᠦ᠂ ᠡᠳ᠋ ᠤᠨ ᠵᠠᠰᠠᠭ ᠤᠨ ᠡᠭᠦᠷᠭᠡ | ᠴᠢᠳᠠᠪᠬᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠭᠠᠷᠭᠠᠭᠰᠠᠨ ᠪᠠᠶᠢᠯᠳᠤᠬᠤ ᠪᠤᠳᠤᠯᠭᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠢ᠃ ᠬᠤᠶᠠᠷ ᠲᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠰᠢᠶᠠᠯ | ᠬᠠᠷᠢᠭᠤᠴᠠᠯᠭᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨᠡ᠃ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭᠠ ᠶᠢᠨ | ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠰᠡᠳᠬᠢᠬᠦᠶ ᠪᠠᠨ | ᠴᠢᠩᠭᠠᠷᠠᠭᠤᠯᠤᠨ᠂ ︽ᠠᠷᠪᠢᠯᠠᠨ ᠭᠠᠮᠨᠠᠬᠤ︾ ᠱᠠᠭᠠᠷᠳᠠᠯᠭᠠ ᠶᠢ ᠡᠷᠡᠰ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠶ | ᠵᠠᠷᠤᠯᠭᠠ ᠶᠢ ᠨᠡᠩ ᠶᠡᠭᠡ ᠡᠷᠴᠢᠮ ᠢᠶᠠᠷ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ | ᠵᠠᠷᠤᠯᠭᠠ ᠶᠢ ᠴᠢᠩᠭᠠ ᠬᠢᠵᠠᠭᠠᠷᠯᠠᠵᠤ᠂ ᠨᠡᠩ ᠤᠯᠠᠨ ᠪᠡᠯᠡ ᠮᠥᠩᠭᠦ ᠶᠢ ᠭᠠᠷᠭᠠᠵᠤ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠨᠡ᠃ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠪᠠ ᠠᠶᠤᠯ | ᠲᠦᠭᠰᠢᠭᠦᠷᠢ ᠶᠢ ᠠᠷᠢᠯᠭᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠦᠷᠢᠮ᠂ | ᠲᠦᠷᠦ ᠶᠢᠨ ᠪᠤᠳᠤᠯᠭᠠ ᠪᠣᠯᠤᠨ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠡᠩ ᠶᠡᠭᠡ ᠡᠷᠴᠢᠮ᠂ | ᠨᠡᠩ ᠪᠣᠳᠠᠲᠠᠢ ᠠᠷᠭᠠ ᠬᠡᠮᠵᠢᠶᠡ ᠪᠠᠷ ᠰᠢᠨᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠭᠤᠷᠪᠠ ᠳᠤ᠂ ᠥᠭᠡᠷᠡᠴᠢᠯᠡᠯᠲᠡ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠢᠶᠠᠷᠤᠯᠲᠠ ᠶᠢᠨ | ᠲᠦᠪᠰᠢᠨ ᠢᠶᠠᠨ ᠳᠡᠭᠡᠭᠰᠢᠯᠡᠭᠦᠯᠦᠨᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ | ᠠᠬᠢᠭᠤᠯᠵᠤ᠂ ᠲᠥᠪ ᠠᠴᠠ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠭᠠᠶᠢᠯᠢ ᠲᠤᠰᠢᠶᠠᠬᠤ ᠠᠵᠤ ᠠᠬᠤᠶᠢᠯᠠᠯ ᠪᠠ ᠭᠠᠶᠢᠯᠢ ᠶᠢᠨ | ᠢᠷᠡᠯᠲᠡ ᠶᠢᠨ ᠪᠦᠲᠦᠴᠡ ᠶᠢ ᠤᠯᠠᠮ ᠨᠢᠭᠡ ᠠᠯᠬᠤᠮ ᠣᠶᠢᠯᠠᠭᠠᠵᠤ᠂ ᠬᠤᠲᠠ ᠶᠢᠨ ᠲᠣᠰ ᠱᠠᠲᠤ ᠬᠢᠭᠡᠳ ᠬᠤᠰᠢᠭᠤ | ᠰᠢᠶᠠᠨ ᠲᠣᠭᠤᠷᠢᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭᠠ ᠶᠢᠨ ᠬᠠᠷᠢᠭᠤᠴᠠᠯᠭᠠ ᠶᠢ ᠭᠦᠢᠴᠡᠳ | ᠲᠣᠳᠣᠷᠬᠠᠶᠢᠯᠠᠵᠤ᠂ ᠠᠵᠢᠯ ᠶᠠᠪᠤᠳᠠᠯ ᠤᠨ ᠡᠷᠬᠡ ᠪᠠ ᠵᠠᠷᠤᠯᠭᠠ ᠶᠢᠨ ᠬᠠᠷᠢᠭᠤᠴᠠᠯᠭᠠ ᠯᠤᠭᠠ ᠵᠣᠬᠢᠴᠠᠯᠳᠤᠭᠰᠠᠨ | ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨᠡ︔ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠭᠯᠡᠯ ᠢ ᠴᠢᠩᠭᠠ ᠠᠩᠬᠠᠷᠴᠤ᠂ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠢᠷᠡᠯᠲᠡ ᠶᠢ ᠳᠣᠷᠣᠭᠰᠢ ᠰᠢᠯᠵᠢᠭᠦᠯᠬᠦ᠂ ᠣᠷᠣᠨ ᠨᠤᠲᠤᠭ ᠤᠨ ᠬᠤᠪᠢᠳᠠᠯ ᠢ ᠳᠡᠭᠡᠭᠰᠢᠯᠡᠭᠦᠯᠬᠦ | ᠵᠡᠷᠭᠡ ᠲᠠᠯᠠ ᠪᠠᠷ ᠮᠠᠨ ᠤ ᠬᠤᠲᠠ ᠳᠤ ᠬᠡᠯᠪᠠᠶᠢᠯᠭᠡᠬᠦ ᠪᠠᠷ ᠴᠢᠷᠮᠠᠶᠢᠨᠠ᠃ ᠲᠥᠰᠦᠪ ᠤᠨ ᠭᠦᠢᠴᠡᠳᠬᠡᠯᠲᠡ ᠶᠢᠨ | ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠥᠰᠦᠪ ᠢ ᠬᠠᠤᠯᠢ ᠪᠠᠷ ᠲᠣᠭᠲᠠᠭᠠᠬᠤ ᠶᠢ ᠪᠠᠷᠢᠮᠲᠠᠯᠠᠵᠤ᠂ | ᠤᠷᠢᠳᠠᠪᠠᠷ ᠲᠥᠰᠦᠪ ᠪᠠᠶᠢᠵᠤ ᠳᠠᠷᠠᠭᠠ ᠨᠢ ᠵᠠᠷᠤᠯᠭᠠ ᠪᠠᠶᠢᠬᠤ ᠶᠢ ᠦᠨᠡᠨ ᠬᠦ ᠪᠠᠲᠤᠯᠠᠨᠠ᠃ ᠰᠢᠭᠤᠳ ᠬᠦᠷᠭᠡᠬᠦ | ᠪᠡᠯᠡ ᠮᠥᠩᠭᠦ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭᠠ ᠶᠢᠨ ᠠᠬᠢᠴᠠ ᠶᠢ ᠲᠦᠷᠭᠡᠳᠬᠡᠵᠦ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠ ᠠᠵᠤ ᠠᠬᠤᠶ ᠶᠢᠨ | ᠨᠡᠮᠡᠭᠳᠡᠯ ᠢ ᠳᠠᠶᠢᠴᠢᠯᠠᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠤᠨᠠ᠃ ᠡᠬᠢ ᠪᠠᠶᠠᠯᠢᠭ ᠡᠳ᠋ ᠬᠦᠷᠦᠩᠭᠡ ᠶᠢ | ᠠᠮᠢᠳᠤᠯᠢᠭ ᠪᠣᠯᠭᠠᠵᠤ᠂ ᠡᠵᠡᠩᠨᠡᠯᠲᠡ ᠶᠢᠨ ᠴᠢᠨᠠᠷᠲᠠᠶ ᠡᠳ᠋ ᠬᠦᠷᠦᠩᠭᠡ ᠶᠢ ᠥᠨᠳᠥᠷ ᠪᠦᠲᠦᠮᠵᠢᠲᠡᠶ ᠪᠠᠷ | ᠠᠰᠢᠭᠯᠠᠬᠤ ᠶᠢ ᠬᠠᠶᠢᠨ ᠰᠦᠪᠡᠭᠴᠢᠯᠡᠵᠦ᠂ ᠪᠦᠬᠦ ᠬᠤᠳᠠ ᠶᠢᠨ ᠡᠯᠡ ᠰᠠᠯᠠᠭᠠ ᠮᠥᠴᠢᠷ ᠬᠢᠭᠡᠳ ᠬᠤᠳᠠ ᠶᠢᠨ | ᠬᠠᠷᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠪᠣᠯᠳᠤᠨ ᠬᠥᠳᠡᠯᠦᠯᠴᠡᠬᠦ ᠶᠢ ᠴᠢᠩᠭᠠᠳᠬᠠᠵᠤ᠂ | ᠡᠬᠢ ᠪᠠᠶᠠᠯᠢᠭ ᠡᠳ᠋ ᠬᠦᠷᠦᠩᠭᠡ ᠶᠢᠨ ᠦᠷᠡ ᠠᠰᠢᠭ ᠢ ᠳᠡᠭᠡᠭᠰᠢᠯᠡᠭᠦᠯᠦᠨᠡ᠃ | 11. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠲᠣᠪᠴᠢᠶᠠᠨ ᠳᠠᠷᠤᠭᠠ ᠴᠢ ᠰᠢᠶᠤᠤ ᠵᠢᠤᠸᠠᠨ᠂ ᠲᠥᠰᠦᠪ ᠤᠨ ᠲᠠᠰᠤᠭ ᠤᠨ ᠳᠡᠳ᠋ ᠰᠠᠯᠠᠭᠠᠨ | ᠳᠠᠷᠤᠭᠠ ᠰᠠᠶᠢᠶᠠ ᠳᠤ ᠲᠠᠯᠠᠷᠬᠠᠵᠤ ᠪᠠᠶᠢᠨᠠ᠂ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠪᠠ ᠣᠷᠣᠯᠴᠠᠯᠭᠠ ᠳᠤ | ᠲᠠᠯᠠᠷᠬᠠᠵᠤ ᠪᠠᠶᠢᠨᠠ᠂ ᠲᠣᠰ ᠬᠤᠭᠤᠴᠠᠭᠠᠨ ᠤ ᠰᠤᠷᠪᠤᠯᠵᠢᠯᠠᠭᠠ ᠠᠳᠡ ᠬᠦᠷᠦᠭᠡᠳ ᠲᠡᠭᠦᠰᠦᠯᠡ᠂ ᠲᠠᠯᠠᠷᠬᠠᠵᠤ | ᠪᠠᠶᠢᠨᠠ᠃ | |