ᠤᠯᠤᠰ ᠤᠨ ᠵᠠᠬᠠ ᠳᠡᠯᠭᠡᠭᠦᠷ ᠤᠨ ᠶᠡᠷᠦᠩᠬᠡᠶ ᠲᠣᠪᠴᠢᠶᠠ ᠶᠢᠨ ︽ᠠᠵᠤ ᠠᠬᠤᠶᠢᠯᠠᠯ ᠤᠨ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭᠠ ᠶᠢᠨ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ | ᠲᠣᠭᠲᠠᠭᠠᠯ︾ ᠵᠢᠴᠢ ︽ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠥᠷᠨᠢᠭᠦᠯᠬᠦ ᠲᠤᠬᠠᠶ | ᠥᠪᠡᠷᠲᠡᠭᠡᠨ ᠵᠠᠰᠠᠬᠤ ᠣᠷᠣᠨ ᠤ ᠵᠠᠬᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠ ᠶᠢᠨ ᠮᠡᠳᠡᠭᠳᠡᠯ︾ | ᠤᠨ ᠠᠵᠢᠯ ᠤᠨ ᠬᠤᠷᠢᠨᠭᠡᠷ ᠰᠢᠶᠠᠨ ᠤ ᠵᠠᠬᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠ 2022 | ᠣᠨ ᠠᠴᠠ 2023 ᠣᠨ ᠪᠣᠯᠲᠠᠯᠠ ᠪᠦᠬᠦ ᠰᠢᠶᠠᠨ ᠤ ᠬᠡᠰᠡᠭ ᠢᠳᠡᠭᠡᠨ ᠤ ᠬᠤᠯᠪᠣᠭᠳᠠᠯ ᠪᠦᠬᠦᠢ ᠵᠠᠬᠠ | ᠳᠡᠯᠭᠡᠭᠦᠷ ᠤᠨ ᠭᠤᠣᠯ ᠴᠣᠭᠴᠠ ᠶᠢᠨ ᠢᠳᠡᠭᠡᠨ ᠤ ᠠᠮᠤᠷ ᠲᠦᠪᠰᠢᠨ ᠤ ᠠᠵᠢᠯᠲᠠᠳ ᠲᠤ ᠢᠳᠡᠭᠡᠨ ᠤ ᠠᠮᠤᠷ | ᠲᠦᠪᠰᠢᠨ ᠤ ᠮᠡᠳᠡᠯᠭᠡ ᠶᠢᠨ ᠰᠤᠭᠤᠴᠢᠨ ᠰᠢᠯᠭᠠᠯᠲᠠ ᠬᠢᠪᠡ᠃ ᠡᠭᠦᠨ ᠳᠤ ᠢᠳᠡᠭᠡᠨ ᠤ ᠵᠦᠢᠯ ᠤᠨ ᠡᠵᠡᠩᠨᠡᠯᠲᠡ ᠶᠢᠨ | ᠵᠠᠬᠠ ᠳᠡᠯᠭᠡᠭᠦᠷ ᠤᠨ ᠭᠤᠤᠯ ᠴᠣᠭᠴᠠ ᠶᠢᠨ 19 ᠬᠥᠮᠦᠨ ᠣᠷᠣᠯᠴᠠᠵᠤ᠂ 19 ᠬᠥᠮᠦᠨ ᠪᠠᠲᠤᠯᠠᠭᠳᠠᠵᠤ᠂ ᠬᠢᠷᠢ | ᠲᠡᠩᠴᠡᠭᠰᠡᠨ ᠨᠣᠷᠮᠠ ᠨᠢ 100% ᠪᠣᠯᠤᠨᠠ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠵᠠᠬᠠ ᠳᠡᠯᠭᠡᠭᠦᠷ ᠤᠨ | ᠪᠡᠶᠡᠴᠢ ᠴᠣᠭᠴᠠ ᠶᠢᠨ 33 ᠬᠥᠮᠦᠨ ᠣᠷᠣᠯᠴᠠᠵᠤ᠂ 33 ᠬᠥᠮᠦᠨ ᠪᠠᠲᠤᠯᠠᠭᠳᠠᠵᠤ᠂ ᠬᠢᠷᠢ ᠲᠡᠩᠴᠡᠭᠰᠡᠨ | ᠨᠣᠷᠮᠠ ᠨᠢ 100% ᠳᠤ ᠬᠥᠷᠪᠡ᠃ |