| | | 2 ᠳ᠋ᠤᠭᠠᠷ ᠰᠠᠷᠠ ᠶᠢᠨ 21 ᠤ ᠡᠳᠦᠷ ᠤᠨ ᠦᠳᠡ ᠶᠢᠨ ᠬᠤᠶᠢᠨᠠ᠂ ᠴᠣᠷᠵᠢ ᠶᠢᠨ ᠠᠶᠢᠯ ᠪᠠᠯᠭᠠᠰᠤ ᠪᠥᠬᠦ | ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠢᠴᠢ ᠰᠢᠨᠡ ᠴᠠᠭ ᠦᠶᠡ ᠶᠢᠨ ᠪᠣᠯᠪᠠᠰᠤᠨ ᠤ | ᠦᠢᠯᠡᠳᠦᠯᠭᠡ ᠶᠢᠨ ᠭᠠᠵᠠᠷ ︵ᠥᠷᠲᠡᠭᠡ︶ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ | ᠬᠤᠷᠠᠯ ᠬᠤᠷᠠᠯᠳᠤᠭᠤᠯᠵᠤ᠂ ᠪᠠᠯᠭᠠᠰᠤᠨ ᠤ ᠬᠠᠮᠢᠶᠠ ᠪᠥᠬᠦᠶ ᠤᠳᠤᠷᠢᠳᠤᠯᠭᠠ᠂ ᠡᠯᠡ ᠲᠣᠰᠬᠤᠨ ᠤ ᠨᠠᠮ ᠤᠨ 365cc彩票老版_365比分足球官网_365bet网上娱乐平台 | ᠡᠭᠦᠷ ᠤᠨ ᠱᠦᠵᠢ ᠬᠤᠷᠠᠯ ᠳᠤ ᠣᠷᠣᠯᠴᠠᠪᠠ᠃ | ᠬᠤᠷᠠᠯ ᠠᠴᠠ ᠰᠢᠶᠠᠨ ᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠭᠤᠮᠲᠠ | ᠰᠢᠪᠲᠤᠯᠬᠤ ᠶᠡᠭᠡ ᠬᠤᠷᠠᠯ ᠤᠨ ᠵᠣᠷᠢᠭ ᠰᠠᠨᠠᠭᠠ ᠶᠢ ᠤᠯᠠᠮᠵᠢᠯᠠᠭᠰᠠᠨ ᠤ ᠬᠠᠮᠲᠤ ᠪᠦᠬᠦ ᠤᠯᠤᠰ ᠤᠨ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ ᠵᠢᠴᠢ ᠰᠢᠨᠡ ᠴᠠᠭ ᠦᠶᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ︵ | ᠦᠷᠳᠡᠭᠡ︶ ᠢ ᠪᠠᠶᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠪᠣᠯᠪᠠᠰᠤᠨ ᠬᠤᠳᠠ ᠶᠢ ᠡᠭᠦᠳᠬᠦ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ | ᠪᠣᠯᠤᠨᠠ᠂ ᠡᠷᠬᠡᠪᠰᠢ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠵᠣᠭᠰᠣᠴᠠ ᠪᠠᠨ ᠳᠡᠭᠡᠭᠰᠢᠯᠡᠭᠦᠯᠵᠦ᠂ | ᠠᠰᠠᠭᠤᠳᠠᠯ ᠳᠤ ᠰᠢᠭᠤᠳ ᠬᠠᠨᠳᠤᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠣᠷᠭᠢᠯᠤᠮᠠ ᠬᠠᠯᠠᠭᠤᠨ ᠰᠡᠳᠬᠢᠯᠭᠡ᠂ | ᠯᠠᠪᠳᠠᠭᠤᠨ ᠪᠠᠲᠤᠲᠠᠢ ᠠᠵᠢᠯ᠂ ᠰᠢᠯᠢᠳᠡᠭ ᠦᠷᠡ ᠪᠦᠲᠦᠭᠡᠯ ᠢᠶᠠᠷ ᠢᠶᠠᠨ ᠴᠣᠷᠵᠢ ᠶᠢᠨ ᠪᠠᠶᠢᠰᠢᠩ ᠪᠠᠯᠭᠠᠰᠤᠨ ᠤ | ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠪᠣᠳᠠᠲᠠᠢ︾ ᠪᠠᠶᠢᠬᠤ ᠬᠡᠷᠡᠭᠲᠡᠢ᠂ ᠡᠯᠡ ᠲᠣᠰᠬᠤᠨ ᠤ ᠬᠢᠨ ᠦᠵᠡᠯ ᠰᠠᠨᠠᠭᠠ | ᠲᠠᠨᠢᠯᠲᠠ ᠪᠠᠨ ᠴᠢᠩᠭᠠᠳᠬᠠᠵᠤ᠂ ᠪᠣᠯᠪᠠᠰᠤᠨ ᠬᠤᠳᠠ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠬᠠᠷᠢᠶᠠ ᠭᠠᠵᠠᠷ ᠤᠨ ᠢᠶᠠᠨ ᠬᠠᠷᠢᠭᠤᠴᠠᠯᠭᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠭᠤᠣᠯᠳᠠᠯᠭᠠ ᠲᠠᠢ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷᠡ ᠨᠢ ᠬᠦᠴᠦᠯᠡᠵᠦ᠂ ᠳᠤᠲᠠᠭᠤᠳᠠᠯ ᠢᠶᠠᠨ | ᠨᠥᠬᠦᠪᠥᠷᠢᠯᠡᠵᠦ᠂ ᠪᠣᠯᠪᠠᠰᠤᠨ ᠬᠤᠳᠠ ᠪᠠᠶᠢᠭᠤᠯᠬᠤ ᠠᠵᠢᠯ ᠤᠨ ᠡᠯᠡ ᠵᠦᠢᠯ ᠤᠨ ᠱᠠᠭᠠᠷᠳᠠᠯᠭᠠ ᠶᠢ ᠦᠨᠡᠨᠬᠦ | ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠨᠠᠷᠢᠯᠢᠬ︾ ᠪᠠᠶᠢᠵᠤ᠂ ᠡᠭᠦᠳᠦᠨ ᠪᠠᠶᠢᠭᠤᠯᠬᠤ ᠪᠠᠷᠢᠮᠵᠢᠶᠠ ᠲᠠᠢ | ᠬᠠᠷᠢᠴᠠᠭᠤᠯᠵᠤ᠂ ︽ᠥᠨᠴᠥᠭ ᠪᠤᠯᠤᠩ︾ ᠢ ᠪᠣᠳᠣᠯᠬᠢᠯᠠᠵᠤ᠂ ᠵᠡᠭᠡᠯᠢ ᠭᠤᠳᠤᠮᠵᠢ ᠶᠢᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠵᠠᠰᠠᠯᠲᠠ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠵᠡᠷᠭᠡ ᠠᠵᠢᠯ ᠢ | ᠰᠠᠶᠢᠲᠤᠷ ᠬᠢᠵᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠬᠡᠷᠡᠭᠲᠡᠢ᠃ ︽ᠲᠦᠷᠭᠡᠨ︾ ᠪᠠᠶᠢᠬᠤ | ᠬᠡᠷᠡᠭᠲᠡᠶ᠂ ᠣᠳᠣᠬᠠᠨ ᠳᠤ ᠬᠤᠲᠠ ᠪᠠᠶᠢᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠠᠶᠢᠭᠠ ᠪᠣᠯᠬᠤᠷ | ᠳᠡᠭᠡᠳᠦ ᠬᠡᠮᠵᠢᠶᠡ ᠪᠠᠷ ᠴᠢᠬᠤᠯᠠᠴᠢᠯᠠᠨ ᠦᠵᠡᠵᠦ᠂ ᠳᠠᠷᠤᠶ ᠲᠦᠷᠭᠡᠨ ᠬᠥᠳᠡᠯᠦᠯᠴᠡᠵᠦ᠂ ᠪᠣᠯᠪᠠᠰᠤᠨ ᠬᠤᠲᠠ | ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠣᠯᠪᠠᠰᠤᠨ ᠬᠤᠲᠠ ᠪᠠᠶᠢᠭᠤᠯᠬᠤ ᠬᠠᠷᠠᠯᠲᠠ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠨᠠ᠃365cc彩票老版_365比分足球官网_365bet网上娱乐平台 |