ᠪᠣᠯᠪᠠᠰᠤᠨ ᠰᠢᠨᠡ ᠬᠡᠪ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠢᠳᠡᠪᠬᠢᠲᠡᠶ ᠪᠠᠷ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭᠠ ᠪᠠᠷ ᠢᠶᠠᠨ ᠬᠠᠭᠤᠴᠢᠨ ᠶᠣᠰᠣ | ᠪᠦᠳᠦᠭᠦᠯᠢᠭ ᠵᠠᠩᠰᠢᠯ ᠢ ᠠᠷᠢᠯᠭᠠᠬᠤ ᠶᠢᠨ ᠲᠤᠰᠠᠳᠠ᠂ 3 ᠰᠠᠷᠠ ᠶᠢᠨ 20 ᠤ ᠡᠳᠦᠷ᠂ ᠶᠡᠭᠡ ᠤᠯᠠᠭᠠᠨᠬᠤᠲᠠ | ᠰᠢᠶᠠᠩ ᠤᠨ ᠪᠠᠢ ᠴᠢ ᠶᠣᠣ ᠲᠣᠰᠬᠤᠨ ᠤ ᠰᠢᠨᠡ ᠴᠠᠭ ᠦᠶᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ | ᠰᠠᠶᠢᠨ ᠳᠤᠷᠠ ᠶᠢᠨ ᠦᠢᠯᠡᠴᠢᠯᠡᠭᠴᠢᠳ ᠬᠠᠷᠢᠶᠠ ᠣᠷᠣᠨ ᠳᠠᠭᠠᠨ ᠵᠠᠩ ᠳᠠᠳᠬᠠᠯ ᠢ ᠥᠭᠡᠷᠡᠴᠢᠯᠡᠬᠦ ᠰᠠᠶᠢᠨ ᠳᠤᠷᠠ ᠶᠢᠨ | ᠦᠢᠯᠡᠴᠢᠯᠡᠭᠡᠨ ᠤ ᠠᠵᠢᠯᠯᠠᠭᠠ ᠥᠷᠨᠢᠭᠦᠯᠪᠡ᠃ | ᠠᠵᠢᠯᠯᠠᠭᠠ ᠶᠢᠨ ᠳᠤᠮᠳᠠ᠂ ᠰᠠᠶᠢᠨ ᠳᠤᠷᠠ ᠶᠢᠨ ᠠᠵᠢᠯᠯᠠᠭᠴᠢᠳ ᠤᠬᠠᠭᠤᠯᠭᠠ ᠶᠢᠨ ᠮᠠᠲ᠋ᠧᠷᠢᠶᠠᠯ ᠲᠠᠷᠬᠠᠭᠠᠬᠤ | ᠵᠢᠴᠢ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭᠠ ᠬᠡᠯᠪᠡᠷᠢ ᠪᠠᠷ ᠳᠠᠮᠵᠢᠭᠤᠯᠤᠨ᠂ ᠵᠠᠩ ᠳᠠᠳᠬᠠᠯ ᠢ | ᠥᠭᠡᠷᠡᠴᠢᠯᠡᠬᠦ ᠬᠠᠮᠢᠶᠠ ᠪᠥᠬᠦᠶ ᠮᠡᠳᠡᠯᠭᠡ ᠶᠢ ᠣᠯᠠᠨ ᠠᠷᠭᠠ ᠵᠠᠮ᠂ ᠪᠥᠬᠦ ᠲᠠᠯᠠ ᠪᠠᠷ ᠤᠬᠠᠭᠤᠯᠵᠤ᠂ ᠲᠣᠰᠬᠤᠨ ᠤ | ᠲᠦᠷᠢᠮ ᠠᠷᠠᠳ ᠤᠨ ᠭᠡᠷᠡ ᠶᠢ ᠲᠠᠶᠢᠯᠪᠤᠷᠢᠯᠠᠨ᠂ ᠲᠣᠰᠬᠤᠨ ᠤ ᠠᠷᠠᠳ ᠤᠨ ᠪᠠᠶᠠᠷ ᠤᠨ ᠶᠠᠪᠤᠳᠠᠯ ᠢ ᠰᠢᠨᠡ ᠪᠠᠷ | ᠡᠷᠭᠢᠯᠡᠬᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠭᠦᠢᠴᠡᠳᠬᠡᠬᠦ ᠶᠢ ᠢᠳᠡᠪᠬᠢᠲᠡᠶ ᠦᠢᠯᠡᠳᠦᠯᠭᠡᠵᠢᠭᠦᠯᠬᠦ ᠶᠢ | ᠰᠠᠨᠠᠭᠠᠴᠢᠯᠠᠵᠤ᠂ ᠪᠣᠯᠪᠠᠰᠤᠨ ᠢᠶᠠᠷ ᠳᠠᠬᠢᠯᠭᠠ ᠬᠢᠬᠦ ᠶᠢ ᠰᠠᠨᠠᠭᠠᠴᠢᠯᠠᠵᠤ᠂ ᠰᠢᠨᠵᠢᠯᠡᠬᠦ ᠤᠬᠠᠭᠠᠨᠴᠢ ᠪᠣᠯᠪᠠᠰᠤᠨ | ᠠᠮᠢᠳᠤᠷᠠᠯ ᠤᠨ ᠣᠶᠢᠯᠠᠭᠠᠭᠳᠠᠬᠤᠨ ᠢ ᠪᠣᠶ ᠪᠣᠯᠭᠠᠵᠤ᠂ ᠪᠣᠯᠪᠠᠰᠤᠨ ᠰᠢᠨᠡ ᠬᠡᠪ ᠰᠤᠷᠲᠠᠯ ᠢ ᠤᠯᠠᠮᠵᠢᠯᠠᠪᠠ᠃ ᠡᠭᠦᠨ ᠤ | ᠬᠠᠮᠲᠤ ᠥᠷᠭᠡᠨ ᠤᠯᠠᠨ ᠲᠣᠰᠬᠤᠨ ᠤ ᠠᠷᠠᠳ ᠢ ᠰᠠᠶᠢᠨ ᠳᠤᠷᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠵᠤ᠂ | ᠵᠠᠩ ᠳᠠᠳᠬᠠᠯ ᠢ ᠥᠭᠡᠷᠡᠴᠢᠯᠡᠬᠦ ᠶᠢᠨ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠤᠷᠢᠶᠠᠯᠠᠪᠠ᠃ | ᠲᠣᠰ ᠤᠳᠠᠭᠠᠨ ᠤ ᠠᠵᠢᠯᠯᠠᠭᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠳᠣᠲᠣᠷᠠᠬᠢ ᠭᠠᠴᠠᠭᠠᠨ ᠤ | ᠠᠷᠠᠳ ᠤᠨ ᠵᠠᠩ ᠳᠠᠳᠬᠠᠯ ᠢ ᠥᠭᠡᠷᠡᠴᠢᠯᠡᠬᠦ ᠲᠤᠬᠠᠶ ᠣᠶᠢᠯᠠᠭᠠᠬᠤ ᠨᠣᠷᠮᠠ ᠪᠠ ᠣᠷᠣᠯᠴᠠᠬᠤ ᠨᠣᠷᠮᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠪᠡ᠃ | |